ᠣᠶᠢᠷ᠎ᠠ ᠳᠤ᠂ ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ | ᠣᠴᠢᠬᠤ ᠳᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠠᠮᠠᠪᠴᠢ ᠵᠡᠭᠦᠵᠦ᠂ ᠡᠯ᠎ᠡ ᠲᠥᠷᠥᠯ ᠤᠨ ᠮᠡᠳᠡᠭᠳᠡᠬᠦ | ᠬᠠᠭᠤᠳᠠᠰᠤ ᠪᠠ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠲᠡᠷᠢ ᠲᠡᠭᠰᠢ ᠳᠡᠯᠭᠡᠵᠦ᠂ ᠬᠢᠵᠢᠭ ᠢ ᠰᠡᠷᠭᠡᠶᠢᠯᠡᠬᠦ ᠵᠠᠢ | ᠵᠠᠪᠰᠠᠷ᠂ ᠨᠢᠭᠡ ᠮᠧᠲᠷ ᠤᠨ ᠱᠤᠭᠤᠮ ᠵᠡᠷᠭᠡ ᠲᠥᠬᠦᠭᠡᠷᠦᠮᠵᠢ ᠶᠢ ᠵᠣᠬᠢᠰᠲᠠᠢ ᠪᠠᠶᠢᠷᠢᠯᠠᠭᠤᠯᠵᠤ᠂ 100 ᠭᠠᠷᠤᠢ | ᠠᠵᠢᠯᠲᠠᠨ ᠥᠷᠯᠥᠭᠡ ᠡᠷᠲᠡ ᠶᠠᠭᠠᠷᠠᠯᠳᠤᠵᠤ᠂ ᠣᠯᠠᠨ ᠲᠦᠮᠡᠨ ᠳᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ | ᠬᠦᠯᠢᠴᠡᠩᠭᠦᠢ ᠪᠠᠷ ᠭᠦᠢᠴᠡᠳᠬᠡᠵᠦ ᠥᠭᠭᠦᠭᠰᠡᠨ ᠪᠠᠶᠢᠨ᠎ᠠ᠃ | ᠲᠣᠭᠲᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠢᠭᠡᠨᠲᠡ ᠰᠦᠯᠵᠢᠶᠡᠨ | ᠭᠠᠳᠠᠨᠠᠬᠢ ᠲᠤᠬᠠᠶᠢᠯᠠᠭᠰᠠᠨ ᠠᠵᠢᠯ ᠤᠨ ᠭᠦᠢᠴᠡᠳᠬᠡᠯ ᠢ ᠪᠥᠬᠦ ᠲᠠᠯ᠎ᠠ ᠪᠠᠷ ᠰᠡᠷᠭᠦᠭᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠬᠠᠮᠲᠤ᠂ ᠠᠵᠤ ᠠᠬᠤᠶᠢᠯᠠᠯ ᠪᠠ | ᠣᠯᠠᠨ ᠲᠦᠮᠡᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ︽ᠬᠢᠵᠢᠭ ᠢ ᠰᠡᠷᠭᠡᠶᠢᠯᠡᠬᠦ︾ | ︽ᠦᠢᠯᠡᠴᠢᠯᠡᠬᠦ︾ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠶᠡᠭᠡ ᠲᠢᠩᠬᠢᠮ ᠳᠤ ᠢᠷᠡᠵᠦ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ ᠣᠯᠠᠰᠢᠷᠠᠬᠤ ᠶᠢ | ᠳᠠᠭᠠᠯᠳᠤᠨ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ ᠴᠣᠩᠬᠤᠪᠴᠢ ᠨᠢ ᠶᠡᠭᠡ | ᠲᠢᠩᠬᠢᠮ ᠤᠨ ᠨᠡᠭᠦᠳᠡᠯ ᠯᠠᠪᠯᠠᠭᠴᠢ ᠶᠢᠨ ᠲᠤᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ | ᠯᠠᠪᠯᠠᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ | ᠰᠠᠯᠭᠠᠨ ᠵᠢᠯᠤᠭᠤᠳᠴᠤ᠂ ᠲᠤᠬᠠᠶᠢᠯᠠᠭᠰᠠᠨ ᠠᠵᠢᠯ ᠤᠨ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠠᠵᠢᠯ ᠤᠨ ᠬᠤᠭᠤᠴᠠᠭᠠᠨ ᠳᠤ ᠶᠡᠭᠡ ᠲᠢᠩᠬᠢᠮ ᠤᠨ ᠦᠭᠡᠶᠢᠰᠬᠡᠯ ᠤᠨ ᠤᠳᠠᠭ᠎ᠠ ᠶᠢ ᠨᠡᠮᠡᠭᠳᠡᠭᠦᠯᠵᠦ᠂ ᠳ᠋ᠤᠭᠠᠷ | ᠳᠠᠭᠤᠳᠠᠬᠤ ᠦᠢᠯᠡᠴᠢᠯᠡᠭᠡ ᠶᠢ ᠴᠢᠩᠭ᠎ᠠ ᠵᠢᠷᠤᠮᠵᠢᠭᠤᠯᠤᠨ᠂ ᠲᠤᠰᠬᠠᠢ ᠬᠥᠮᠥᠨ ᠲᠤᠬᠠᠢ ᠶᠢᠨ ᠲᠠᠯᠠᠪᠤᠷ ᠲᠤ ︽ᠨᠢᠭᠡ | ᠮᠧᠲᠷ ᠤᠨ ᠱᠤᠭᠤᠮ︾ ᠪᠠ ︽ᠵᠠᠢ ᠵᠠᠪᠰᠠᠷ︾ ᠢ ᠬᠠᠮᠢᠶᠠᠷᠤᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠶᠢ ᠰᠤᠯᠠᠷᠠᠭᠤᠯᠬᠤ ᠦᠭᠡᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠠᠭᠤᠷᠮᠠᠭᠯᠠᠬᠤ ᠦᠭᠡᠢ | ᠪᠠᠶᠢᠯᠭᠠᠵᠤ᠂ ᠠᠵᠢᠯ ᠶᠠᠪᠤᠳᠠᠯ ᠬᠢᠬᠦ ᠪᠠᠷ ᠢᠷᠡᠭᠰᠡᠨ ᠣᠯᠠᠨ ᠲᠦᠮᠡᠨ ᠢ ᠰᠠᠨᠠᠭ᠎ᠠ ᠠᠮᠤᠷ ᠪᠠᠶᠢᠯᠭᠠᠪᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠶᠢᠨ ᠲᠥᠯᠥᠭᠡ᠂ ᠲᠣᠭᠲᠠᠬᠤ | ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠠᠴᠠ ︽ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠭᠦᠢᠴᠡᠳᠬᠡᠬᠦ᠂ ᠬᠠᠪᠰᠤᠷᠤᠨ ᠣᠷᠣᠯᠠᠨ ᠭᠦᠢᠴᠡᠳᠬᠡᠬᠦ᠂ | ᠳᠤᠲᠠᠭᠤ ᠶᠢ ᠪᠠᠭᠲᠠᠭᠠᠬᠤ︾ ᠵᠡᠷᠭᠡ ᠥᠪᠡᠷᠮᠢᠴᠡ ᠣᠨᠴᠠᠯᠢᠭ ᠲᠠᠢ ᠦᠢᠯᠡᠴᠢᠯᠡᠭᠡ ᠭᠠᠷᠭᠠᠵᠤ᠂ ᠣᠯᠠᠨ ᠵᠦᠢᠯ ᠤᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ | ᠬᠡᠷᠡᠭᠴᠡᠭᠡ ᠶᠢ ᠪᠠᠲᠤᠯᠠᠪᠠ᠃ | 1᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠤᠷᠢᠳᠴᠢᠯᠠᠨ ᠪᠣᠯᠵᠣᠬᠤ ᠠᠯᠪᠠᠨ ᠭᠡᠷ︾᠃ ᠠᠵᠤ | ᠠᠬᠤᠶᠢᠯᠠᠯ ᠤᠨ ᠭᠦᠢᠴᠡᠳᠬᠡᠬᠦ ᠴᠢᠬᠤᠯᠠᠲᠠᠢ ᠣᠨᠴᠠᠭᠠᠶ ᠪᠤᠶᠤ ᠣᠨᠴᠠᠭᠠᠶ ᠪᠠᠴᠢᠮ ᠵᠦᠢᠯᠡᠰ ᠢ ︽ᠰᠦᠯᠵᠢᠶᠡᠨ ᠳᠡᠭᠡᠷ᠎ᠡ | ᠭᠦᠢᠴᠡᠳᠬᠡᠬᠦ︾ ᠶᠢ ᠪᠡᠶᠡᠯᠡᠭᠦᠯᠬᠦ ᠶᠢᠨ ᠠᠷᠭ᠎ᠠ ᠦᠭᠡᠢ ᠪᠣᠯ ᠤᠲᠠᠰᠤ ᠪᠠᠷ ᠪᠣᠯᠵᠣᠬᠤ ᠶᠢ ᠬᠡᠷᠡᠭᠵᠢᠭᠦᠯᠪᠡ᠃ | 2᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠰᠦᠯᠵᠢᠶᠡᠨ ᠳᠡᠭᠡᠷ᠎ᠡ ᠭᠦᠢᠴᠡᠳᠬᠡᠬᠦ︾᠃ ᠥᠪᠥᠷ | ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷ᠎ᠡ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠰᠢᠰᠲ᠋ᠧᠮ ᠪᠠ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠶᠡᠭᠡ | ᠲᠢᠩᠬᠢᠮ ᠢᠶᠠᠷ ᠳᠠᠮᠵᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠤᠨ ︽ᠠᠭᠤᠯᠵᠠᠬᠤ ᠦᠭᠡᠢ᠂ ᠰᠦᠯᠵᠢᠶᠡᠨ ᠳᠡᠭᠡᠷ᠎ᠡ ᠭᠦᠢᠴᠡᠳᠬᠡᠬᠦ︾ ᠪᠠ ᠠᠵᠤ ᠠᠬᠤᠶᠢᠯᠠᠯ | ᠨᠡᠭᠡᠭᠡᠨ ᠡᠷᠭᠢᠯᠡᠬᠦ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠵᠡᠷᠭᠡ ᠦᠢᠯᠡᠴᠢᠯᠡᠭᠡ ᠵᠢᠴᠢ | ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠦᠯᠵᠢᠶᠡᠨ ᠳᠡᠭᠡᠷᠡᠬᠢ ᠲᠠᠪᠴᠠᠩ ᠢᠶᠠᠷ ᠰᠦᠯᠵᠢᠶᠡᠨ | ᠳᠡᠭᠡᠷ᠎ᠡ ᠠᠰᠠᠭᠤᠨ ᠯᠠᠪᠯᠠᠬᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠭᠥᠯᠢᠶᠡᠨ ᠠᠪᠴᠤ | ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ ᠶᠢ ᠲᠡᠯᠭᠡᠷᠡᠭᠦᠯᠪᠡ᠃ | 3᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ︽ᠣᠷᠣᠯᠠᠨ ᠭᠦᠢᠴᠡᠳᠬᠡᠬᠦ︾᠃ ᠲᠣᠭᠲᠠᠬᠤ ᠰᠢᠶᠠᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ | ᠠᠬᠤᠶᠢᠯᠠᠯ ᠳᠤ ᠤᠷᠢᠳ ᠢᠶᠠᠷ ᠦᠢᠯᠡᠴᠢᠯᠡᠬᠦ ᠪᠠᠨ ᠴᠢᠩᠭᠠᠳᠬᠠᠵᠤ᠂ ᠲᠤᠰᠬᠠᠢ ᠮᠡᠷᠭᠡᠵᠢᠯ ᠤᠨ ︽ᠨᠢᠭᠡ ᠳᠤ ᠨᠢᠭᠡ︾ | ︽ᠲᠠᠨ ᠢ ᠬᠠᠪᠰᠤᠷᠤᠨ ᠭᠦᠢᠴᠡᠳᠬᠡᠬᠦ︾ ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ | ᠪᠦᠯᠬᠦᠮ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠬᠢᠨᠠᠨ ᠵᠥᠪᠰᠢᠶᠡᠷᠡᠬᠦ ︽ᠲᠦᠷᠭᠡᠨ | ᠵᠠᠮ︾ ᠢ ᠪᠠᠶᠢᠭᠤᠯᠤᠨ ᠥᠭᠴᠦ᠂ ᠬᠠᠷᠢᠭᠤᠯᠲᠠ ᠥᠭᠬᠦ ᠪᠠ ᠠᠰᠠᠭᠤᠨ ᠯᠠᠪᠯᠠᠬᠤ᠂ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠢ ᠲᠡᠭᠦᠯᠳᠡᠷᠵᠢᠭᠦᠯᠬᠦ᠂ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠵᠡᠷᠭᠡ ᠲᠣᠭᠲᠠᠭᠰᠠᠨ | ᠦᠢᠯᠡᠴᠢᠯᠡᠭᠡ ᠶᠢ ᠬᠠᠩᠭᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢᠨ ᠪᠥᠬᠦ ᠶᠠᠪᠤᠴᠠ ᠶᠢ | ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠶᠢ ᠪᠡᠶᠡᠯᠡᠭᠦᠯᠪᠡ᠃ |