ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠶᠢᠨ ᠠᠮᠤᠷ ᠲᠦᠪᠰᠢᠨ ᠤ ᠠᠵᠢᠯ ᠢ ᠰᠠᠶᠢᠳᠦᠷ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2023/1/20
       ᠪᠦᠬᠦ ᠰᠢᠶᠠᠨ ᠤ ᠠᠷᠠᠳ ᠲᠦᠮᠡᠨ ᠢ ᠪᠠᠶᠠᠷ ᠬᠥᠷ ᠲᠠᠢ᠂ ᠥᠯᠵᠡᠢ ᠪᠡᠯᠭᠡ ᠲᠠᠢ᠂ ᠠᠮᠤᠷ ᠲᠦᠪᠰᠢᠨ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠪᠥᠬᠦ ᠰᠢᠶᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠭᠴᠢᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠦᠪᠡᠷ ᠤᠨ ᠭᠡᠷ ᠢᠶᠠᠨ ᠬᠠᠶᠠᠵᠤ᠂ ᠣᠯᠠᠨ ᠤ ᠲᠥᠯᠥᠭᠡ ᠵᠢᠳᠬᠦᠵᠦ᠂ ᠢᠳᠡᠭᠡᠨ ᠤ ᠵᠦᠢᠯ᠂ ᠡᠮ ᠲᠠᠩ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠴᠠᠭᠠᠨ ᠰᠠᠷ᠎ᠠ ᠳᠤ ᠪᠢ ᠠᠵᠢᠯ ᠤᠨ ᠪᠠᠶᠢᠷᠢ ᠳᠠᠭᠠᠨ ᠪᠠᠶᠢᠵᠤ᠂ ᠠᠵᠢᠯ ᠳᠠᠭᠠᠨ ︽ᠡᠭᠦᠳᠡ ᠪᠠᠨ ᠬᠠᠭᠠᠬᠤ ᠦᠭᠡᠢ︾᠂ ᠦᠢᠯᠡᠴᠢᠯᠡᠭᠡ ᠪᠠᠨ ᠲᠠᠰᠤᠷᠠᠯᠲᠠ ᠦᠭᠡᠢ ᠬᠢᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠣᠷ ᠰᠦᠯᠵᠢᠶ᠎ᠡ ᠶᠢ ᠪᠠᠲᠤ ᠪᠠᠬᠢ ᠰᠦᠯᠵᠢᠵᠦ᠂ ᠪᠠᠶᠠᠷ ᠤᠨ ᠡᠳᠦᠷ ᠤᠨ ᠬᠤᠭᠤᠴᠠᠭᠠᠨ‌‍ᠳᠠᠬᠢ ᠢᠳᠡᠭᠡᠨ ᠤ ᠵᠦᠢᠯ ᠤᠨ ︽ᠠᠮᠤᠷ ᠲᠦᠪᠰᠢᠨ ᠤ ᠱᠤᠭᠤᠮ︾ ᠢ ᠪᠠᠲᠤ ᠪᠠᠬᠢ ᠪᠠᠶᠢᠭᠤᠯᠵᠤ᠂ ᠣᠯᠠᠨ ᠲᠦᠮᠡᠨ ᠤ ᠪᠠᠶᠠᠷ ᠬᠥᠷ ᠲᠠᠢ ︽ᠵᠣᠯ ᠵᠢᠷᠭᠠᠯᠲᠤ ᠵᠢᠯ︾ ᠢ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠳᠤᠯᠠᠵᠦ ᠪᠠᠶᠢᠨ᠎ᠠ᠃      ᠣᠶᠢᠷ᠎ᠠ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠡᠵᠡᠩᠨᠡᠬᠦ᠂ ᠬᠡᠷᠡᠭᠯᠡᠬᠦ ᠨᠢᠭᠡᠴᠡ ᠳᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠢ ᠲᠥᠷᠥᠯ ᠤᠨ ᠪᠠᠶᠢᠴᠠᠭᠠᠯᠲᠠ ᠬᠢᠵᠡᠢ᠃ ᠬᠡᠷᠡᠭᠯᠡᠬᠦ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ᠂ ᠠᠵᠢᠯᠲᠠᠨ ᠤ ᠲᠣᠬᠢᠷᠠᠭᠤᠯᠤᠯᠲᠠ᠂ ᠬᠠᠮᠠᠭᠠᠯᠠᠯᠲᠠ ᠶᠢᠨ ᠲᠡᠮᠳᠡᠭᠯᠡᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠵᠤ ᠪᠥᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠪᠠ᠃ ᠡᠯ᠎ᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢ ᠵᠣᠬᠢᠶᠠᠨ ᠪᠠᠶᠢᠭᠤᠯᠤᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠳᠤ ᠳᠠᠯᠳᠠ ᠬᠡᠮ ᠤᠨ ᠨᠠᠷᠢᠨ ᠬᠠᠭᠤᠳᠠᠰᠤ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠶᠢ ᠵᠦᠢᠯ ᠳᠠᠷᠠᠭᠠᠯᠠᠨ ᠨᠠᠶᠢᠳᠠᠪᠦᠷᠢᠵᠢᠭᠤᠯᠪᠠ᠃ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠲᠤᠷ ᠬᠢᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠠᠮᠤᠷ ᠲᠦᠪᠰᠢᠨ ᠢ ᠪᠠᠳᠤᠯᠠᠪᠠ᠃      ᠴᠠᠭᠠᠨ ᠰᠠᠷ᠎ᠠ ᠶᠢᠨ ᠬᠤᠭᠤᠴᠠᠭᠠᠨ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠮᠠᠭᠲᠠ ᠰᠡᠳᠬᠢᠯ ᠳᠡᠭᠡᠨ ᠪᠤᠳᠤᠵᠤ᠂ ᠪᠣᠳᠠᠲᠠᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠥᠷᠢᠰᠦᠯᠳᠦᠭᠡᠨ ᠲᠠᠢ ᠪᠥᠭᠡᠳ ᠡᠮᠬᠢ ᠵᠢᠷᠤᠮ ᠲᠠᠢ᠂ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠠᠷᠠᠳ ᠣᠯᠠᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠬᠥᠷ ᠲᠠᠢ ᠰᠢᠨᠡᠯᠡᠬᠦ ᠶᠢ ᠦᠨᠡᠨᠬᠦ ᠪᠠᠲᠤᠯᠠᠬᠤ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1