ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/22
      1 ᠳ᠋ᠤᠭᠡᠷ ᠰᠠᠷ᠎ᠠ ᠶᠢᠨ 19  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯ ᠠᠯᠢᠪᠠ ᠠᠵᠢᠯ ᠢ ᠰᠠᠶᠢᠲᠤᠷ ᠬᠢᠬᠦ ᠶᠢᠨ ︽ᠠᠮᠢᠨ ᠰᠤᠳᠠᠰᠤ︾ ᠮᠥᠨ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠠᠶᠤᠯᠭᠦᠢ ᠦᠢᠯᠡᠳᠪᠦᠷᠢᠯᠡᠯ ᠢ ᠨᠡᠩ ᠲᠣᠪᠣᠶᠢᠮ᠎ᠠ᠂ ᠨᠡᠩ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠤᠷᠢᠭ᠎ᠠ ᠱᠤᠭᠤᠮ᠂ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠠᠵᠤ ᠠᠬᠤᠶᠢᠯᠠᠯ ᠤᠨ ᠦᠢᠯᠡᠳᠪᠦᠷᠢᠯᠡᠯ᠂ ᠤᠯᠠᠨ ᠲᠦᠮᠡᠨ ᠤ ᠠᠮᠢᠳᠤᠷᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠢ ᠴᠢᠩᠭ᠎ᠠ ᠠᠳᠬᠤᠵᠤ᠂ ᠡᠯ᠎ᠡ ᠲᠦᠷᠦᠯ ᠤᠨ ᠬᠠᠨᠳᠤᠯᠭᠠᠲᠤ ᠴᠢᠨᠠᠷᠲᠠᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠳᠡᠯ ᠭᠠᠷᠬᠤ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠵᠢᠯᠣᠭᠤᠳᠤᠯᠭ᠎ᠠ ᠲᠣᠬᠢᠷᠠᠭᠤᠯᠤᠯᠲᠠ ᠶᠢ ᠴᠢᠩᠭᠠᠳᠬᠠᠵᠤ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠡᠯ᠎ᠡ ᠠᠵᠢᠯ ᠲᠦᠷᠦᠯ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠵᠢᠵᠢᠭᠦᠷᠯᠡᠨ ᠰᠠᠬᠢᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ 24 ᠴᠠᠭ ᠢᠶᠠᠷ ᠲᠤᠰᠬᠠᠢ ᠬᠥᠮᠥᠨ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠴᠠᠭᠠᠨ ᠰᠠᠷ᠎ᠠ ᠶᠢᠨ ᠵᠢᠵᠢᠭᠦᠷᠯᠡᠬᠦ ᠶᠢ ᠤᠷᠢᠳᠴᠢᠯᠠᠨ ᠰᠠᠶᠢᠲᠤᠷ ᠲᠣᠬᠢᠷᠠᠭᠤᠯᠵᠤ᠂ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠪᠦᠬᠦ ᠰᠢᠶᠠᠨ ᠤ ᠠᠷᠠᠳ ᠲᠦᠮᠡᠨ ᠤ ᠪᠠᠶᠠᠷ ᠪᠠᠶᠠᠰᠤᠯ ᠲᠠᠢ᠂ ᠥᠯᠵᠡᠢ ᠪᠡᠯᠭᠡ ᠲᠠᠢ᠂ ᠠᠮᠤᠷ ᠲᠦᠪᠰᠢᠨ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1