ᠲᠣᠭᠲᠠᠬᠤ ᠰᠢᠶᠠᠨ ᠤ ᠭᠦ᠋ ᠴᠧᠩ ᠪᠠᠯᠭᠠᠰᠤ᠄ ᠣᠳᠣᠬᠢᠴᠢᠯᠠᠭᠰᠠᠨ ᠮᠠᠯᠵᠢᠯ ᠤᠨ ᠲᠠᠯᠠᠪᠠᠶ ᠶᠢ ᠪᠣᠶ ᠪᠣᠯᠭᠠᠵᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ
ᠨᠡᠶᠢᠲᠡᠯᠡᠭᠰᠡᠨ ᠴᠠᠭ᠄
2023/1/23
      ᠬᠥᠬᠡᠬᠤᠲᠠ ᠶᠢᠨ ᠲᠣᠭᠲᠠᠬᠤ ᠰᠢᠶᠠᠨ ᠤ ᠭᠦ᠋ ᠴᠧᠩ ᠪᠠᠯᠭᠠᠰᠤ ᠶᠢᠨ ᠲᠠᠢ ᠱᠦᠢ ᠶᠢᠩ ᠲᠣᠰᠬᠤᠨ ᠤ ᠵᠢᠶᠠᠨ ᠲᠢᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠢ ᠳᠤ᠂ ᠨᠢᠭᠡᠨ ᠦᠨᠢᠶ᠎ᠡ ᠰᠠᠭᠠᠬᠤ ᠲᠢᠩᠬᠢᠮ  ᠨᠢ ᠮᠠᠯᠵᠢᠯ ᠤᠨ ᠲᠠᠯᠠᠪᠠᠢ ᠳᠤ ᠤᠳᠤ ᠦᠶ᠎ᠡ ᠶᠢᠨ ᠲᠥᠷᠥᠭᠳᠡᠯ ᠣᠯᠭᠤᠵᠠᠢ᠃ ᠥᠷᠯᠥᠭᠡ ᠪᠦᠷᠢ ᠠᠳᠡ ᠠᠴᠠ ᠰᠦ ᠲᠡᠭᠡᠭᠡᠭᠰᠡᠨ ᠮᠠᠰᠢᠨ ᠲᠡᠷᠭᠡ ᠨᠢ ᠢᠯᠢ ᠶᠢᠨ ᠦᠢᠯᠡᠳᠪᠦᠷᠢ ᠳᠤ ᠴᠠᠭ ᠲᠠᠭᠠᠨ ᠬᠦᠷᠴᠦ ᠤᠴᠢᠳᠠᠭ᠃      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠡᠯᠧᠮᠧᠨ᠋ᠲ ᠤᠨ ᠰᠢᠯᠵᠢᠯᠲᠡ ᠶᠢ ᠰᠢᠯᠤᠭᠤᠳᠬᠠᠨ᠎ᠠ︾ ᠭᠡᠵᠦ ᠳᠤᠷᠠᠳᠤᠨ ᠭᠠᠷᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ᠃      ᠲᠣᠭᠲᠠᠬᠤ ᠰᠢᠶᠠᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠮᠵᠢᠵᠤ᠂ ᠰᠦ  ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠤᠳᠤ ᠦᠶ᠎ᠡ ᠶᠢᠨ ᠰᠦ ᠶᠢᠨ ᠦᠢᠯᠡᠰ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠪᠣᠯᠣᠨ ᠶᠠᠰᠤ ᠴᠢᠨᠠᠷ ᠤᠨ ᠠᠮᠤᠷ ᠲᠦᠪᠰᠢᠨ ᠤ ᠰᠢᠰᠲ᠋ᠧᠮ ᠢ ᠲᠦᠷᠭᠡᠨ ᠪᠠᠶᠢᠭᠤᠯᠵᠤ᠂ ᠣᠳᠣᠬᠢᠴᠢᠯᠠᠭᠰᠠᠨ ᠮᠠᠯᠵᠢᠯ ᠤᠨ ᠲᠠᠯᠠᠪᠠᠢ ᠶᠢ ᠦᠷᠭᠦᠯᠵᠢᠯᠡᠨ ᠪᠠᠶᠢᠭᠤᠯᠵᠤ᠂ ᠲᠣᠭᠲᠠᠬᠤ ᠰᠢᠶᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠶᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠮᠧᠬᠠᠨᠢᠭᠵᠢᠭᠤᠯᠬᠤ᠂ ᠵᠣᠬᠢᠶᠠᠨ ᠪᠠᠶᠢᠭᠤᠯᠤᠯᠵᠢᠭᠤᠯᠬᠤ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠰᠦ ᠶᠢᠨ ᠦᠢᠯᠡᠰ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠪᠡ᠃      ᠲᠦᠷᠦᠭᠦᠦ ᠵᠢᠯ ᠤᠳ ᠲᠤ᠂ ᠲᠣᠭᠲᠠᠬᠤ ᠰᠢᠶᠠᠨ ᠤ ᠭᠦ᠋ ᠴᠧᠩ ᠪᠠᠯᠭᠠᠰᠤᠨ ᠤ ᠡᠯ᠎ᠡ ᠮᠠᠯᠵᠢᠯ ᠤᠨ ᠲᠠᠯᠠᠪᠠᠢ ᠬᠠᠮᠤᠭ ᠤᠨ ᠬᠦᠴᠢᠷ ᠪᠡᠷᠬᠡᠰᠢᠶᠡᠯ ᠲᠠᠢ ᠪᠠᠶᠢᠭᠰᠠᠨ ᠦᠶ᠎ᠡ ᠳᠤ᠂ ᠪᠠᠯᠭᠠᠰᠤᠨ ᠤ ᠵᠠᠰᠠᠭ ᠤᠨ ᠣᠷᠳᠣᠨ ᠢᠳᠡᠪᠬᠢᠲᠡᠢ ᠪᠠᠷ ᠠᠵᠢᠯᠯᠠᠭ᠎ᠠ ᠠᠪᠴᠤ ᠢᠯᠢ ᠪᠦᠯᠦᠭᠯᠡᠯ ᠢ ᠣᠷᠣᠭᠤᠯᠤᠨ ᠠᠪᠴᠢᠷᠠᠵᠠᠢ᠃ ︽2020 ᠣᠨ ᠳᠤ ᠢᠯᠢ ᠪᠢᠳᠡᠨ ᠳᠤ 300 ᠰᠢᠬᠠᠮ ᠲᠦᠮᠡᠨ ᠲᠥᠭᠦᠷᠢᠭ ᠤᠨ ᠪᠡᠯᠡ ᠮᠥᠩᠭᠦ ᠬᠤᠷᠠᠮᠳᠤᠭᠤᠯᠵᠠᠢ᠂ ᠡᠨᠡ ᠪᠣᠯ 200 ᠭᠠᠷᠤᠢ ᠲᠦᠮᠡᠨ ᠲᠥᠭᠦᠷᠢᠭ ᠭᠠᠷᠭᠠᠵᠤ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠰᠦ ᠰᠠᠭᠠᠬᠤ ᠲᠢᠩᠬᠢᠮ ᠮᠥᠨ᠂ ᠡᠭᠦᠨ ᠤ ᠵᠡᠷᠭᠡ ᠳᠤ 200 ᠭᠠᠷᠤᠢ ᠰᠠᠭᠠᠯᠢ ᠶᠢᠨ ᠦᠨᠢᠶ᠎ᠡ ᠶᠢ ᠪᠠᠭᠲᠠᠭᠠᠵᠤ ᠰᠠᠭᠠᠯᠢ ᠶᠢᠨ ᠦᠨᠢᠶ᠎ᠡ ᠰᠠᠭᠠᠵᠤ ᠪᠣᠯᠣᠨ᠎ᠠ︾ ᠭᠡᠵᠡᠢ᠃ ᠵᠢᠶᠠᠨ ᠲᠢᠩ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠵᠢᠯ ᠤᠨ ᠲᠠᠯᠠᠪᠠᠶ ᠶᠢᠨ ᠬᠠᠷᠢᠭᠤᠴᠠᠯᠭᠠᠲᠠᠨ ᠰᠢᠤᠸᠠᠢ ᠵᠢᠶᠠᠨ ᠲᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠦ ᠰᠠᠭᠠᠬᠤ ᠲᠢᠩᠬᠢᠮ ᠳᠤ ᠠᠦ᠋ᠲ᠋ᠣᠴᠢᠯᠠᠭᠰᠠᠨ ᠰᠦ ᠰᠠᠭᠠᠬᠤ ᠲᠥᠬᠦᠭᠡᠷᠦᠮᠵᠢ ᠤᠭᠰᠠᠷᠠᠵᠤ᠂ ᠡᠳᠦᠷ ᠪᠦᠷᠢ ᠪᠠᠷᠤᠭ 7 ᠲᠣᠨ ᠰᠦ ᠭᠠᠷᠳᠠᠭ᠃       ᠵᠢᠶᠠᠨ ᠲᠢᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢᠨ ᠶᠠᠪᠤᠴᠠ ᠳᠤ᠂ ᠭᠦ᠋ ᠴᠧᠩ ᠪᠠᠯᠭᠠᠰᠤᠨ ᠤ ᠵᠠᠰᠠᠭ ᠤᠨ ᠣᠷᠳᠣᠨ   ᠠᠴᠠ ᠬᠦᠴᠦᠲᠡᠢ ᠳᠡᠮᠵᠢᠯᠭᠡ ᠦᠵᠡᠭᠦᠯᠵᠦ᠂ ᠢᠯᠢ ᠪᠦᠯᠦᠭᠯᠡᠯ ᠲᠠᠢ ᠬᠠᠮᠵᠢᠯᠴᠠᠨ ᠮᠠᠯᠵᠢᠯ ᠤᠨ ᠲᠠᠯᠠᠪᠠᠶ ᠳᠤ ᠬᠥᠬᠡ ᠳᠠᠷᠤᠰᠢ ᠶᠢᠨ ᠬᠠᠮᠠᠭᠠᠯᠠᠯᠲᠠ᠂ ᠮᠠᠯᠵᠢᠯ ᠤᠨ ᠲᠠᠯᠠᠪᠠᠶ ᠶᠢᠨ ᠬᠠᠮᠠᠭᠠᠯᠠᠯᠲᠠ ᠵᠡᠷᠭᠡ ᠪᠡᠯᠡ ᠲᠣᠬᠢᠷᠠᠭᠤᠯᠭ᠎ᠠ ᠶᠢ ᠬᠠᠩᠭᠠᠵᠤ᠂ ᠮᠠᠯᠵᠢᠯ ᠤᠨ ᠲᠠᠯᠠᠪᠠᠶ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠰᠦ ᠰᠠᠭᠠᠬᠤ ᠲᠥᠬᠦᠭᠡᠷᠦᠮᠵᠢ ᠶᠢ ᠲᠠᠰ ᠳᠡᠪᠰᠢᠭᠦᠯᠬᠦ᠂ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠬᠤᠳᠠᠯᠳᠤᠨ ᠠᠪᠬᠤ ᠵᠡᠷᠭᠡ ᠶᠢ ᠬᠠᠪᠰᠤᠷᠤᠨ ᠬᠢᠵᠦ᠂ ᠣᠳᠣᠬᠠᠨ ᠳᠤ ᠢᠯᠢ ᠪᠦᠯᠦᠭᠯᠡᠯ ᠠᠵᠤ ᠦᠢᠯᠡᠰ ᠤᠨ ᠬᠡᠯᠬᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ᠳᠠᠮᠵᠢᠭᠤᠯᠤᠨ ᠵᠢᠶᠠᠨ ᠲᠢᠩ ᠮᠠᠯᠵᠢᠯ ᠤᠨ ᠲᠠᠯᠠᠪᠠᠶ ᠳᠤ ᠨᠡᠶᠢᠲᠡ 1550 ᠲᠦᠮᠡᠨ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠮᠥᠩᠭᠦ ᠲᠠᠷᠬᠠᠭᠠᠭᠰᠠᠨ ᠪᠠᠶᠢᠨ᠎ᠠ᠃      ︽ᠮᠠᠯᠵᠢᠯ ᠤᠨ ᠲᠠᠯᠠᠪᠠᠢ ᠶᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠠᠢ᠂ ᠤᠳᠤ ᠪᠢ ᠥᠪᠡᠷ ᠤᠨ ᠪᠡᠶ᠎ᠡ ᠶᠢᠨ ᠭᠠᠷᠤᠯ ᠲᠠᠢ ᠪᠣᠯᠤᠭᠰᠠᠨ ᠴᠤ ᠵᠠᠩᠭᠤᠶᠢᠳᠠ ᠪᠣᠯᠵᠠᠢ᠃︾ ᠭᠡᠵᠦ ᠰᠢᠤᠸᠠᠢ ᠵᠢᠶᠠᠨ ᠲᠢᠩ ᠢᠨᠢᠶᠡᠮᠰᠦᠭᠯᠡᠨ ᠬᠡᠯᠡᠪᠡ᠃ ᠣᠶᠢᠯᠠᠭᠠᠭᠰᠠᠨ ᠢᠶᠠᠷ᠂ ᠲᠣᠰ ᠮᠠᠯᠵᠢᠯ ᠤᠨ ᠲᠠᠯᠠᠪᠠᠶ ᠳᠤ ᠪᠠᠷᠢᠮᠵᠢᠶᠠᠯᠠᠭᠰᠠᠨ ᠰᠦ ᠱᠦᠭᠦᠷᠡᠭᠦᠯᠬᠦ ᠦᠬᠡᠷ ᠤᠨ ᠬᠠᠰᠢᠶ᠎ᠠ 2᠂ ᠪᠡᠯᠡᠳᠬᠡᠯ ᠦᠬᠡᠷ ᠤᠨ ᠬᠠᠰᠢᠶ᠎ᠠ 1 ᠪᠣᠶ᠃ ᠰᠠᠭᠠᠯᠢ ᠶᠢᠨ ᠲᠢᠩᠬᠢᠮ᠂ ᠲᠤᠭᠤᠯ ᠤᠨ ᠬᠠᠰᠢᠶ᠎ᠠ᠂ ᠡᠪᠡᠰᠦᠨ ᠤ ᠰᠠᠷᠠᠪᠴᠢ᠂ ᠳᠠᠷᠤᠰᠢᠭᠤᠯᠤᠭᠰᠠᠨ ᠵᠣᠭᠤᠷᠢ ᠵᠡᠷᠭᠡ ᠪᠤᠰᠤᠳ ᠢᠵᠢ ᠪᠦᠷᠢᠳᠦᠭᠰᠡᠨ ᠲᠥᠬᠦᠭᠡᠷᠦᠮᠵᠢ ᠨᠦᠭᠦᠳ ᠴᠦ ᠪᠦᠷᠢᠨ ᠪᠠᠶᠢᠨ᠎ᠠ᠃ ᠰᠢᠤᠸᠠᠢ ᠵᠢᠶᠠᠨ ᠲᠢᠩ ᠴᠦ 1990 ᠣᠨ ᠳᠤ ᠬᠡᠳᠦᠨ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭᠰᠠᠨ ᠰᠠᠭᠠᠯᠢᠴᠢᠳ ᠪᠠᠶᠢᠭᠰᠠᠨ ᠠᠴᠠ ᠪᠠᠨ ᠬᠥᠭᠵᠢᠭᠡᠳ 500 ᠰᠢᠬᠠᠮ ᠰᠠᠭᠠᠯᠢ ᠶᠢᠨ ᠦᠨᠢᠶ᠎ᠡ ᠲᠡᠵᠢᠭᠡᠵᠦ ᠪᠠᠶᠢᠭᠰᠠᠨ ᠮᠠᠯᠵᠢᠯ ᠤᠨ ᠲᠠᠯᠠᠪᠠᠶ ᠶᠢᠨ ᠡᠵᠡᠨ ᠪᠣᠯᠤᠭᠰᠠᠨ ᠪᠠᠶᠢᠨ᠎ᠠ᠃      ᠮᠠᠯᠵᠢᠯ ᠤᠨ ᠲᠠᠯᠠᠪᠠᠶ ᠶᠢ ᠬᠥᠭᠵᠢᠭᠦᠯᠬᠦ ᠳᠤ᠂ ᠪᠡᠯᠡ ᠮᠥᠩᠭᠦ ᠠᠴᠠ ᠭᠠᠳᠠᠨ᠎ᠠ᠂ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠤᠨ ᠬᠠᠮᠤᠭ ᠤᠨ ᠶᠡᠭᠡ ᠬᠡᠷᠡᠭᠴᠡᠭᠡ ᠱᠠᠭᠠᠷᠳᠠᠯᠭ᠎ᠠ ᠪᠣᠯᠣᠨ᠎ᠠ᠃ ᠵᠢᠶᠠᠨ ᠲᠢᠩ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢᠨ ᠶᠠᠪᠤᠴᠠ ᠳᠤ᠂ ᠢᠯᠢ ᠪᠦᠯᠦᠭᠯᠡᠯ ᠨᠢ ᠪᠥᠬᠦ ᠲᠠᠯ᠎ᠠ ᠶᠢᠨ ᠲᠤᠰᠬᠠᠢ ᠮᠡᠷᠭᠡᠵᠢᠯ ᠤᠨ ᠳᠡᠮᠵᠢᠯᠭᠡ ᠬᠠᠩᠭᠠᠵᠤ᠂ ᠮᠠᠯᠵᠢᠯ ᠤᠨ ᠲᠠᠯᠠᠪᠠᠶ ᠶᠢ ᠬᠠᠪᠰᠤᠷᠤᠨ ︽SOP︾ ︵ᠪᠠᠷᠢᠮᠵᠢᠶᠠᠲᠤ ᠠᠵᠢᠯᠯᠠᠬᠤ ᠵᠢᠷᠤᠮ︶ ᠳᠤ ᠣᠷᠣᠭᠤᠯᠵᠤ᠂ ᠮᠠᠯᠵᠢᠯ ᠤᠨ ᠲᠠᠯᠠᠪᠠᠶ ᠳᠤ ᠮᠡᠷᠭᠡᠵᠢᠯ ᠤᠨ ᠴᠢᠳᠠᠪᠤᠷᠢᠲᠠᠨ ᠢ ᠰᠦᠢᠳᠬᠡᠯ ᠬᠤᠷᠢᠶᠠᠬᠤ ᠦᠭᠡᠢ ᠪᠠᠷ ᠬᠥᠮᠥᠵᠢᠭᠦᠯᠦᠭᠰᠡᠭᠡᠷ ᠢᠷᠡᠵᠡᠶ᠃ ᠮᠠᠯᠵᠢᠯ ᠤᠨ ᠲᠠᠯᠠᠪᠠᠶ ᠳᠤ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠲᠠᠢ ᠯᠠ ᠶᠤᠮ ᠪᠣᠯ ᠢᠯᠢ ᠶᠢᠨ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠴᠠᠭ ᠲᠤᠬᠠᠢ ᠳᠤᠨᠢ ᠳᠡᠮᠵᠢᠯᠭᠡ ᠦᠵᠡᠭᠦᠯᠵᠦ᠂ ᠪᠠᠰᠠ ᠮᠠᠯᠵᠢᠯ ᠤᠨ ᠲᠠᠯᠠᠪᠠᠶ ᠳᠤ 24 ᠴᠠᠭ ᠤᠨ ︽ᠰᠢᠭᠢᠳᠬᠡᠯ ᠮᠠᠶ᠋ᠢᠭ︾ ᠤᠨ ᠦᠢᠯᠡᠴᠢᠯᠡᠭᠡ ᠲᠣᠬᠢᠷᠠᠭᠤᠯᠵᠤ ᠥᠭᠭᠦᠭᠰᠡᠨ ᠪᠠᠶᠢᠨ᠎ᠠ᠃       ᠭᠦ᠋ ᠴᠧᠩ ᠪᠠᠯᠭᠠᠰᠤ ᠶᠢᠨ ᠮᠠᠯᠵᠢᠯ ᠤᠨ ᠲᠠᠯᠠᠪᠠᠶ ᠶᠢᠨ ᠡᠵᠡᠩᠨᠡᠯᠲᠡ ᠬᠠᠮᠢᠶᠠᠷᠤᠯᠲᠠ ᠪᠠ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠪᠠᠯᠭᠠᠰᠤᠨ ᠤ ᠵᠠᠰᠠᠭ ᠤᠨ ᠣᠷᠳᠣᠨ ᠠᠴᠠ 14 ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠶ ᠶᠢ ᠬᠠᠪᠰᠤᠷᠤᠨ ᠢ ᠯᠢ ᠯᠦᠭᠡ ᠮᠡᠷᠭᠡᠵᠢᠯ᠂ ᠮᠥᠩᠭᠦᠨ ᠭᠦᠢᠯᠭᠡᠭᠡ᠂ ᠠᠵᠤ ᠦᠢᠯᠡᠰ᠂ ᠠᠶᠤᠯ ᠲᠦᠭᠰᠢᠭᠦᠷᠢ ᠶᠢᠨ ᠨᠢᠭᠲᠠ ᠬᠤᠯᠪᠣᠭᠠᠯᠠᠯ ᠤᠨ ᠲᠣᠭᠲᠠᠴᠠ ᠶᠢ ᠪᠠᠶᠢᠭᠤᠯᠵᠤ᠂ ᠮᠠᠯᠵᠢᠯ ᠤᠨ ᠲᠠᠯᠠᠪᠠᠶ ᠶᠢᠨ ᠬᠥᠭᠵᠢᠯᠲᠡ ᠶᠢ ᠪᠥᠬᠦ ᠲᠠᠯ᠎ᠠ ᠪᠠᠷ ᠳᠡᠮᠵᠢᠪᠡ᠃ ᠡᠭᠦᠨ ᠤ ᠬᠠᠮᠲᠤ᠂ ︽ᠰᠢᠭᠢᠳᠬᠡᠯᠳᠦ ᠮᠠᠶ᠋ᠢᠭ︾ ᠤᠨ ᠥᠷᠲᠡᠭᠡᠨ ᠳᠤ ᠰᠠᠭᠤᠬᠤ ᠦᠢᠯᠡᠴᠢᠯᠡᠭᠡ ᠶᠢ ᠬᠡᠷᠡᠭᠵᠢᠭᠦᠯᠵᠦ᠂ 12 ᠵᠦᠢᠯ ᠤᠨ ︽SOP︾ ᠶᠢ ᠣᠷᠣᠭᠤᠯᠤᠨ ᠠᠪᠴᠢᠷᠠᠵᠤ᠂ ᠦᠢᠯᠡᠳᠪᠦᠷᠢᠯᠡᠯ ᠤᠨ ᠶᠠᠪᠤᠴᠠ ᠶᠢ ᠵᠢᠷᠤᠮᠵᠢᠭᠤᠯᠬᠤ ᠶᠢᠨ ᠬᠠᠮᠲᠤ᠂ ᠮᠠᠯᠵᠢᠯ ᠤᠨ ᠲᠠᠯᠠᠪᠠᠶ ᠶᠢ ᠬᠠᠪᠰᠤᠷᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠨᠠᠷᠢᠯᠢᠭ ᠣᠨᠣᠴᠠᠲᠠᠢ ᠪᠠᠷ ᠲᠡᠵᠢᠭᠡᠬᠦ᠂ ᠨᠠᠷᠢᠯᠢᠭ ᠠᠰᠢᠭᠲᠤ ᠬᠠᠮᠢᠶᠠᠷᠤᠯᠲᠠ ᠵᠡᠷᠭᠡ ᠮᠠᠯᠵᠢᠯ ᠤᠨ ᠲᠠᠯᠠᠪᠠᠶ ᠶᠢᠨ ᠠᠰᠢᠭ ᠣᠯᠬᠤ ᠴᠢᠳᠠᠪᠤᠷᠢ ᠪᠠ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠡᠵᠡᠩᠨᠡᠯᠲᠡ ᠶᠢᠨ ᠲᠥᠷᠥᠯ ᠵᠦᠢᠯ ᠢ ᠥᠷᠨᠢᠭᠦᠯᠪᠡ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1