ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠮᠠᠨ ᠤ ᠰᠢᠶᠠᠨ ᠳᠤ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/1/24
      ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠳ᠋ᠤᠭᠡᠷ ᠰᠠᠷ᠎ᠠ ᠶᠢᠨ 18  ᠤ ᠡᠳᠦᠷ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠲᠢᠶᠠᠨ ᠯᠢ ᠵᠢᠶᠦ᠋ᠨ ᠨᠠᠷ ᠰᠢᠨ᠎ᠡ ᠶᠢᠩᠽᠢ ᠪᠠᠯᠭᠠᠰᠤᠨ ᠤ ᠾᠧ ᠲᠥᠩ ᠶᠢᠩ ᠲᠣᠰᠬᠤᠨ ᠳᠤ ᠬᠦᠷᠴᠦ ᠬᠦᠴᠢᠷᠳᠡᠯᠲᠡᠢ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ᠂ ᠳᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃      ᠬᠦᠷᠦᠭᠰᠡᠨ ᠭᠠᠵᠠᠷ ᠪᠣᠯᠭᠠᠨ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠶᠢᠳᠠᠯ᠂ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠪᠣᠯᠣᠨ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠵᠤ᠂ ᠲᠡᠳᠡᠨ ᠢ ᠪᠠᠶᠠᠰᠤᠩᠭᠤᠢ ᠥᠭᠡᠳᠡᠷᠬᠡᠭ ᠠᠮᠢᠳᠤᠷᠠᠯ ᠤᠨ ᠣᠪᠣᠷ ᠲᠠᠢ ᠪᠠᠶᠢᠵᠤ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠢᠲᠡᠭᠡᠯ ᠵᠣᠷᠢᠭ ᠲᠠᠢ ᠪᠣᠯᠬᠤ ᠶᠢ ᠵᠣᠷᠢᠭᠵᠢᠭᠤᠯᠬᠤ ᠶᠢᠨ ᠬᠠᠮᠲᠤ ᠠᠮᠤ ᠪᠤᠳᠠᠭ᠎ᠠ ᠵᠡᠷᠭᠡ ᠠᠮᠢᠳᠤᠷᠠᠯ ᠤᠨ ᠡᠳ᠋ ᠪᠣᠳᠠᠰ ᠵᠢᠴᠢ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ᠃ ᠡᠭᠦᠨ ᠤ ᠬᠠᠮᠲᠤ ᠳᠠᠭᠠᠵᠤ ᠶᠠᠪᠤᠬᠤ ᠠᠵᠢᠯᠲᠠᠳ ᠲᠤ ᠴᠠᠭ ᠢᠮᠠᠭᠲᠠ ᠤᠯᠠᠨ ᠲᠦᠮᠡᠨ ᠤ ᠬᠠᠯᠠᠭᠤᠨ ᠬᠦᠢᠲᠡᠨ ᠢ ᠰᠡᠳᠬᠢᠯ ᠳᠡᠭᠡᠨ ᠪᠤᠳᠤᠵᠤ᠂ ᠢᠯᠡᠭᠦᠬᠡᠨ ᠬᠠᠯᠠᠮᠵᠢᠯᠠᠵᠤ᠂ ᠢᠯᠡᠭᠦᠬᠡᠨ ᠬᠠᠪᠰᠤᠷᠴᠤ᠂ ᠬᠠᠯᠠᠭᠤᠨ ᠳᠤᠯᠠᠭᠠᠨ ᠢ ᠶᠠᠳᠠᠭᠤ ᠬᠦᠴᠢᠷᠳᠡᠯᠲᠡᠢ ᠤᠯᠠᠨ ᠲᠦᠮᠡᠨ ᠤ ᠭᠡᠷ ᠲᠤ ᠬᠦᠷᠭᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠠᠬᠢᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1