ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2023/1/24
      ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠭᠠᠷᠤᠭ᠎ᠠ ᠰᠢᠨ᠎ᠡ ᠠᠶᠠᠨ ᠢᠶᠠᠨ ᠡᠬᠢᠯᠡᠭᠦᠯᠦᠶ᠎ᠡ᠃ 1 ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠶᠦᠨ ᠵᠦᠩ ᠰᠣᠶᠣᠯ ᠤᠨ ᠣᠷᠳᠣᠨ ᠳᠤ ᠦᠪᠡᠳᠡᠭᠰᠢ ᠶᠡᠭᠡ ᠪᠠᠷ ᠡᠬᠢᠯᠡᠪᠡ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠳ᠋ᠦᠩ ᠱᠧᠩ᠂ ᠰᠦᠨ ᠰᠢᠶᠦ᠋ᠨ᠂ ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ ᠫᠢᠩ᠂ ᠯᠢ ᠸᠧᠨ ᠰᠢᠸ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠥᠨᠥᠳᠥᠷ ᠤᠨ ᠶᠡᠭᠡ ᠬᠤᠷᠠᠯ ᠳᠤ ᠰᠤᠯᠠ ᠣᠷᠣᠯᠴᠠᠭᠰᠠᠳ ᠲᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠲᠣᠭᠲᠠᠭᠠᠭᠰᠠᠨ ᠰᠤᠯᠠ ᠣᠷᠣᠯᠴᠠᠭᠰᠠᠳ᠂ ᠤᠯᠤᠰ ᠲᠦᠷᠦ ᠶᠢᠨ ᠵᠥᠪᠯᠡᠯᠭᠡᠨ ᠤ ᠲᠤᠭᠳᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠳᠤ ᠣᠷᠣᠯᠴᠠᠭᠰᠠᠨ ᠪᠦᠬᠦ ᠭᠡᠰᠢᠭᠦᠳ ᠪᠠ ᠰᠤᠯᠠ ᠣᠷᠣᠯᠴᠠᠭᠰᠠᠳ ᠪᠠᠶᠢᠨ᠎ᠠ᠃      ᠲᠤᠰ ᠤᠳᠠᠭ᠎ᠠ ᠶᠢᠨ ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 187 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 158 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃      ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠢ ᠡᠷᠬᠢᠯᠡᠭᠰᠡᠨ ᠪᠥᠭᠡᠳ ᠶᠡᠭᠡ ᠬᠤᠷᠠᠯ ᠡᠬᠢᠯᠡᠭᠰᠡᠨ ᠢ ᠵᠠᠷᠯᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠬᠢᠪᠡ᠃ ᠮᠡᠳᠡᠭᠦᠯᠦᠯᠲᠡ ᠶᠢ ᠬᠤᠶᠠᠷ ᠬᠡᠰᠡᠭ ᠲᠤ ᠬᠤᠪᠢᠶᠠᠨ᠎ᠠ᠄ ᠨᠢᠭᠡ ᠳᠤ᠂ 2022 ᠣᠨ ᠤ ᠠᠵᠢᠯ ᠤᠨ ᠳ᠋ᠦᠩᠨᠡᠯᠲᠡ᠂ ᠬᠤᠶᠠᠷ ᠲᠤ᠂ 2023 ᠣᠨ ᠤ ᠠᠵᠢᠯ ᠤᠨ ᠲᠣᠬᠢᠷᠠᠭᠤᠯᠤᠯᠲᠠ᠃      ᠭᠤᠤ ᠵᠧᠩ᠂ 2022 ᠣᠨ ᠪᠣᠯ ᠶᠡᠷᠦ ᠪᠤᠰᠦ ᠶᠢᠨ ᠰᠢᠯᠭᠠᠯᠲᠠ ᠲᠠᠢ᠂ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠬᠥᠭᠵᠢᠯᠲᠡ ᠶᠢᠨ ᠣᠷᠴᠢᠨ ᠲᠣᠭᠤᠷᠢᠨ ᠪᠠ ᠰᠣᠯᠪᠢᠴᠠᠨ ᠳᠠᠪᠬᠤᠴᠠᠭᠰᠠᠨ ᠠᠶᠤᠯ ᠲᠦᠭᠰᠢᠭᠦᠷᠢ ᠥᠷᠢᠰᠦᠯᠳᠦᠭᠡᠨ ᠤ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠮᠠᠨ ᠤ ᠰᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠭᠤᠶᠢᠪᠢᠰᠢ ᠦᠭᠡᠢ ᠲᠤᠤᠱᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠲᠠᠪᠤᠨ ᠲᠠᠷᠢᠶ᠎ᠠ︾᠂ ︽ᠬᠤᠶᠠᠷ ᠪᠦᠰᠡ︾᠂ ︽ᠨᠢᠭᠡ ᠣᠷᠣᠨ︾ ᠤ ᠠᠵᠤ ᠦᠢᠯᠡᠰ ᠤᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠬᠢᠯᠪᠠᠷ ᠪᠤᠰᠤ ᠪᠠᠷ ᠣᠯᠣᠭᠰᠠᠨ᠂ ᠬᠤᠪᠣᠷ ᠨᠠᠨᠳᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠣᠯᠪᠠ᠃ ᠠᠩᠬ᠎ᠠ ᠠᠯᠬᠤᠮ ᠤᠨ ᠵᠢᠱᠢᠯᠲᠡ ᠪᠠᠷ᠂ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 175 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 75 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 42.9 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 29 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4.5 ᠲᠦᠮᠡᠨ ᠲᠥᠭᠦᠷᠢᠭ ᠢ ᠪᠡᠶᠡᠯᠡᠭᠦᠯᠵᠦ᠂ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2.3 ᠲᠦᠮᠡᠨ ᠲᠥᠭᠦᠷᠢᠭ ᠢ ᠪᠡᠶᠡᠯᠡᠭᠦᠯᠪᠡ᠃ ᠬᠢᠵᠢᠭ ᠤᠨ ᠪᠠᠶᠢᠳᠠᠯ ᠵᠡᠷᠭᠡ ᠬᠦᠴᠦᠨ ᠵᠦᠢᠯ ᠤᠨ ᠨᠥᠯᠥᠭᠡᠯᠡᠯ ᠳᠣᠣᠷ᠎ᠠ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠢ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 3 ᠵᠠᠭᠤᠨ ᠤ ᠨᠢᠭᠡᠴᠢ ᠥᠨᠳᠥᠷ ᠪᠠᠶᠢᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠪᠠᠬᠢᠵᠢᠵᠦ᠂ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠪᠠ᠃ 2022 ᠣᠨ ᠳᠤ᠂ ᠮᠠᠨ ᠤ ᠰᠢᠶᠠᠨ ᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠮᠡᠳᠡᠭᠳᠡᠮ᠎ᠡ ᠳᠡᠭᠡᠭᠰᠢᠯᠡᠵᠦ᠂ ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠠᠮᠢ ᠠᠬᠤᠢ ᠶᠢᠨ ᠬᠠᠯᠬᠠᠪᠴᠢ ᠶᠢ ᠨᠡᠩ ᠪᠠᠬᠢᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠤᠨ ᠪᠠᠲᠤᠯᠠᠭ᠎ᠠ ᠶᠢ ᠬᠦᠴᠦᠲᠡᠢ ᠪᠠᠲᠤᠯᠠᠵᠤ᠂ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠪᠠ᠃      ᠭᠤᠣ ᠵᠧᠩ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠨᠡᠭᠡᠭᠡᠬᠦ ᠵᠢᠯ ᠮᠥᠨ᠂ ᠵᠠᠩᠭᠢᠯᠠᠭ᠎ᠠ ᠶᠢᠨ ᠴᠡᠭ ᠪᠣᠯᠬᠤ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠰᠠᠭᠤᠷᠢᠨ ᠳᠡᠭᠡᠷ᠎ᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠲᠦᠷᠭᠡᠨ ᠤᠷᠤᠭᠰᠢᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠢᠯᠢᠳᠡᠭ ᠤᠷᠤᠭᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠪᠠ ᠬᠤᠲᠠ ᠶᠢᠨ ᠨᠠᠮ ᠤᠨ ᠬᠤᠷᠢᠶᠠᠨ ᠤ ︽ᠲᠠᠪᠤᠨ ᠴᠢᠳᠠᠪᠤᠷᠢ ᠶᠢᠨ ᠳᠡᠰ︾ ᠢ ᠳᠡᠭᠡᠭᠰᠢᠯᠡᠭᠦᠯᠬᠦ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠮᠰᠠᠷ ᠠᠴᠠ ᠪᠠᠨ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠ ᠲᠡᠭᠦᠨ ᠢ ᠪᠠᠲᠤᠯᠠᠬᠤ ᠡᠭᠦᠳᠡᠨ ᠠᠴᠠ ᠲᠤᠭᠳᠠᠬᠤ ᠰᠢᠶᠠᠨ ᠤ ᠠᠵᠢᠯ ᠢ ᠲᠥᠯᠥᠪᠵᠢᠭᠦᠯᠦᠨ ᠠᠬᠢᠭᠤᠯᠵᠤ᠂ ᠠᠵᠤ ᠦᠢᠯᠡᠳᠪᠦᠷᠢ ᠶᠢᠨ ᠰᠠᠭᠤᠷᠢ ᠰᠠᠶᠢᠨ᠂ ᠲᠠᠷᠢᠶᠠᠯᠠᠩ ᠤᠨ ᠨᠥᠬᠦᠴᠡᠯ ᠰᠢᠯᠢᠳᠡᠭ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ ᠬᠠᠷᠢᠴᠠᠭᠤᠯᠤᠭᠰᠠᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ︽ᠬᠠᠷᠢᠭᠤᠴᠠᠯᠭ᠎ᠠ ᠡᠭᠦᠷᠭᠡᠯᠡᠬᠦ᠂  ᠴᠢᠳᠠᠮᠠᠭᠠᠢ ᠪᠠᠷ ᠠᠵᠢᠯᠯᠠᠬᠤ᠂ ᠤᠴᠢᠷ ᠶᠠᠪᠤᠳᠠᠯ ᠢ ᠪᠦᠲᠦᠭᠡᠵᠦ ᠴᠢᠳᠠᠬᠤ︾ ᠲᠤᠭᠳᠠᠬᠤ ᠰᠢᠶᠠᠨ ᠤ ᠺᠠᠳ᠋ᠷ ᠤᠨ ᠲᠦᠷᠦᠯ ᠲᠡᠮᠳᠡᠭ ᠢ ᠤᠯᠠᠮ ᠴᠢᠨᠠᠭᠰᠢᠳᠠ ᠪᠤᠢ ᠪᠣᠯᠭᠠᠵᠤ᠂ ︽ᠺᠠᠳ᠋ᠷ ᠵᠣᠷᠢᠭᠲᠠᠢ ᠪᠠᠷ ᠠᠵᠢᠯᠯᠠᠬᠤ᠂ ᠣᠷᠣᠨ ᠨᠤᠲᠤᠭ ᠵᠣᠷᠢᠭᠲᠠᠢ ᠪᠠᠷ ᠠᠵᠢᠯᠯᠠᠬᠤ᠂ ᠠᠵᠤ ᠠᠬᠤᠶᠢᠯᠠᠯ ᠵᠣᠷᠢᠭᠲᠠᠢ ᠪᠠᠷ ᠠᠵᠢᠯᠯᠠᠬᠤ᠂ ᠤᠯᠠᠨ ᠲᠦᠮᠡᠨ ᠵᠣᠷᠢᠭᠲᠠᠢ ᠪᠠᠷ ᠡᠭᠦᠳᠦᠨ ᠪᠦᠲᠦᠭᠡᠬᠦ︾ ᠲᠡᠮᠡᠴᠡᠯ ᠤᠨ ᠵᠣᠷᠢᠭ ᠢ ᠤᠯᠠᠮ ᠴᠢᠨᠠᠭᠰᠢᠳᠠ ᠬᠥᠭᠵᠢᠭᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ︽ᠲᠠᠪᠤᠨ ᠭᠠᠷᠳᠠᠴᠠ︾ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ ︽ᠲᠠᠪᠤᠨ ᠲᠠᠷᠢᠶ᠎ᠠ︾᠂ ︽ᠬᠤᠶᠠᠷ ᠪᠦᠰᠡ︾᠂ ︽ᠨᠢᠭᠡ ᠲᠣᠭᠤᠷᠢᠭ ︾ ᠢ ᠲᠦᠷᠭᠡᠨ ᠪᠠᠶᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠎ᠠ᠃       ᠬᠤᠷᠠᠯ ᠤᠨ ᠵᠥᠪᠯᠡᠬᠦ ᠵᠦᠢᠯ ᠢ ᠦᠨᠳᠦᠰᠦᠯᠡᠨ᠂ ᠶᠡᠭᠡ ᠬᠤᠷᠠᠯ ᠠᠴᠠ ︽ᠲᠣᠭᠲᠠᠬᠤ ᠰᠢᠶᠠᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ︾᠂ ︽ᠲᠣᠭᠲᠠᠬᠤ ᠰᠢᠶᠠᠨ ᠤ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ ᠤᠨ ᠮᠡᠳᠡᠭᠦᠯᠦᠯᠲᠡ︾ ᠶᠢ ᠬᠢᠨᠠᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠠᠩ ᠢᠦᠢ ︽2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠢ ᠪᠡᠶᠡᠯᠡᠭᠦᠯᠦᠭᠰᠡᠨ ᠪᠠᠶᠢᠳᠠᠯ ᠪᠠ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠵᠦᠢᠯᠡᠰ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠬᠢᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1