ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠪᠡᠯᠡᠳᠬᠡᠯ ᠬᠤᠷᠠᠯ ᠬᠢᠪᠡ
ᠨᠡᠶᠢᠲᠡᠯᠡᠭᠰᠡᠨ ᠴᠠᠭ᠄
2023/1/24
      1 ᠰᠠᠷ᠎ᠠ ᠶᠢᠨ 4 ᠤ ᠡᠳᠦᠷ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠪᠡᠯᠡᠳᠬᠡᠯ ᠬᠤᠷᠠᠯ ᠬᠢᠪᠡ᠃ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠵᠢᠶᠠᠨ ᠵᠦᠩ ᠬᠤᠷᠠᠯ ᠢ ᠡᠷᠬᠢᠯᠡᠪᠡ᠃      ᠬᠤᠷᠠᠯ ᠠᠴᠠ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠢ ᠬᠤᠷᠠᠯᠳᠤᠭᠤᠯᠬᠤ ᠲᠤᠬᠠᠢ ᠲᠣᠭᠲᠠᠭᠠᠯ ᠢ ᠨᠡᠶᠢᠲᠡᠯᠡᠪᠡ᠃ ᠶᠡᠭᠡ ᠬᠤᠷᠠᠯ ᠤᠨ ᠪᠡᠯᠡᠳᠬᠡᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ ᠬᠤᠷᠠᠯ ᠠᠴᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠵᠥᠪᠯᠡᠬᠦ ᠵᠦᠢᠯ᠂ ᠡᠳᠦᠷ ᠤᠨ ᠳᠠᠷᠠᠭᠠᠯᠠᠯ᠂ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ︔ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠢᠯᠡᠳᠬᠡᠯ ᠤᠨ ᠮᠡᠳᠡᠭᠦᠯᠦᠭᠴᠢ ᠶᠢᠨ ᠨᠡᠷᠡᠰ᠂ ᠪᠠᠶᠢᠩᠭᠤ ᠶᠢᠨ ᠬᠤᠷᠢᠶᠠᠨ ᠤ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠮᠡᠳᠡᠭᠦᠯᠦᠭᠴᠢ ᠶᠢᠨ ᠨᠡᠷᠡᠰ᠂ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠨᠡᠷᠡᠰ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠂ ᠰᠤᠯᠠ ᠣᠷᠣᠯᠴᠠᠭᠰᠠᠳ ᠤᠨ ᠨᠡᠷᠡᠰ᠂ ᠡᠯ᠎ᠡ ᠶᠠᠷᠢᠯᠴᠠᠬᠤ ᠳᠤᠭᠤᠶᠢᠯᠠᠩ ᠤᠨ ᠬᠤᠷᠠᠯᠳᠤᠭᠤᠯᠤᠭᠴᠢ ᠵᠢᠴᠢ ᠳᠤᠭᠤᠶᠢᠯᠠᠩ ᠬᠤᠪᠢᠶᠠᠬᠤ ᠨᠡᠷᠡᠰ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠬᠠᠷᠢᠭᠤᠴᠠᠯᠭᠠᠲᠠᠨ ᠤ ᠨᠡᠷᠡᠰ ᠢ ᠨᠡᠶᠢᠲᠡᠯᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1