ᠲᠠᠪᠢᠨ ᠭᠡᠷ ᠪᠠᠯᠭᠠᠰᠤ᠄ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠬᠥᠲᠥᠯᠥᠮᠵᠢ ᠪᠣᠯᠭᠠᠵᠤ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠠᠰᠤᠷᠠᠯᠲᠠ ᠦᠭᠡᠢ ᠲᠦᠷᠭᠡᠳᠭᠡᠵᠦ ᠪᠠᠶᠢᠨ᠎ᠠ
ᠨᠡᠶᠢᠲᠡᠯᠡᠭᠰᠡᠨ ᠴᠠᠭ᠄
2023/1/24
      ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠄ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠲᠤᠯᠠᠬᠤ ᠬᠡᠷᠡᠭᠲᠡᠢ︾ ᠭᠡᠵᠦ ᠲᠤᠷᠠᠳᠪᠠ᠃ ᠨᠡᠶᠢᠲᠡᠯᠢᠭ ᠵᠢᠱᠢᠶ᠎ᠡ ᠪᠦᠬᠦᠢ ᠬᠥᠳᠡᠭᠡ ᠠᠵᠤ ᠠᠬᠤᠢ ᠶᠢᠨ ᠰᠢᠶᠠᠩ ᠪᠠᠯᠭᠠᠰᠤ ᠪᠣᠯᠤᠭᠰᠠᠨ ᠤ ᠬᠤᠪᠢ ᠳᠤ᠂ ᠣᠶᠢᠷ᠎ᠠ ᠶᠢᠨ ᠡᠳᠦᠷ ᠤᠳ ᠲᠤ᠂ ᠲᠠᠪᠢᠨ ᠭᠡᠷ ᠪᠠᠯᠭᠠᠰᠤ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠮᠠᠯ ᠠᠵᠤ ᠠᠬᠤᠢ ᠲᠠᠷᠢᠶᠠᠯᠠᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠠᠰᠤᠷᠠᠯᠳᠡ ᠦᠭᠡᠢ ᠲᠦᠷᠭᠡᠳᠬᠡᠵᠡᠢ᠃      ᠡᠨᠡ ᠵᠢᠯ᠂ ᠲᠠᠪᠢᠨ ᠭᠡᠷ ᠪᠠᠯᠭᠠᠰᠤ ᠶᠢᠨ ᠬᠢᠨ ᠲᠢᠶᠠᠨ ᠮᠦ ᠱᠧᠩ ᠬᠤᠩ ᠲᠦᠮᠡᠨ ᠲᠤᠯᠤᠭᠠᠢ ᠮᠠᠯ ᠲᠠᠢ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠦᠲᠦᠮᠵᠢᠲᠡᠢ ᠠᠬᠢᠭᠤᠯᠵᠤ᠂ ᠣᠳᠣᠬᠠᠨ ᠳᠤ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠠᠵᠢᠯ ᠢ ᠦᠨᠳᠦᠰᠦᠨ ᠳᠡᠭᠡᠨ ᠳᠠᠭᠤᠰᠬᠠᠵᠤ᠂ ᠲᠦᠷᠦᠭᠦᠦ ᠪᠦᠯᠦᠭ ᠤᠨ 3000 ᠰᠠᠭᠠᠯᠢ ᠶᠢᠨ ᠦᠨᠢᠶ᠎ᠡ ᠶᠢ ᠨᠢᠭᠡᠨᠲᠡ ᠲᠠᠯᠠᠪᠠᠢ ᠳᠤ ᠣᠷᠣᠭᠤᠯᠵᠤ᠂ ᠡᠳᠦᠷ ᠤᠨ ᠰᠦ ᠶᠢᠨ ᠭᠠᠷᠤᠯᠲᠠ 46 ᠲᠣᠨ ᠬᠦᠷᠴᠡᠢ︔ 60 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠶᠡᠭᠡ ᠬᠦᠷᠢᠶ᠎ᠡ ᠲᠣᠰᠬᠤᠨ ᠤ ᠮᠥᠭᠦ ᠳᠠᠷᠢᠬᠤ ᠰᠠᠭᠤᠷᠢᠨ ᠭᠠᠵᠠᠷ ᠤᠨ ᠰᠢᠨ᠎ᠡ ᠪᠠᠷ ᠪᠠᠶᠢᠭᠤᠯᠤᠭᠰᠠᠨ ᠲᠣᠮᠣ ᠫᠧᠩ ᠵᠢᠴᠢ ᠳᠠᠭᠠᠯᠲᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠪᠡ︔ 550 ᠲᠦᠮᠡᠨ ᠲᠥᠭᠦᠷᠢᠭ ᠣᠷᠣᠭᠤᠯᠵᠤ᠂ 11 ᠵᠠᠰᠠᠭ ᠵᠠᠬᠢᠷᠭᠠᠨ ᠤ ᠲᠣᠰᠬᠤᠨ ᠳᠤ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠬᠡᠷᠡᠭᠵᠢᠭᠦᠯᠵᠦ᠂ ᠡᠯ᠎ᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠳᠤ ᠵᠢᠯ ᠪᠦᠷᠢ 4 ᠲᠦᠮᠡᠨ ᠲᠥᠭᠦᠷᠢᠭ ᠨᠡᠮᠡᠭᠳᠡᠭᠦᠯᠪᠡ᠃      ᠡᠭᠦᠨ ᠠᠴᠠ ᠭᠠᠳᠠᠨ᠎ᠠ᠂ ᠲᠠᠪᠢᠨ ᠭᠡᠷ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠨᠡᠶᠢᠳᠡ 1190 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ 3 ᠠᠵᠤ ᠦᠢᠯᠡᠰ ᠤᠨ ᠲᠦᠷᠦᠯ ᠵᠦᠢᠯ᠂ 2 ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠪᠡ᠃  ᠲᠣᠰ ᠪᠠᠯᠭᠠᠰᠤ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠪᠡᠯᠡ ᠮᠥᠩᠭᠦ ᠣᠯᠬᠤ᠂ ᠠᠰᠠᠷᠠᠭᠴᠢ ᠶᠢᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠭᠦᠨᠵᠡᠭᠡᠢ ᠬᠡᠷᠡᠭᠵᠢᠭᠦᠯᠵᠦ᠂ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠪᠠ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠶᠢ ᠪᠥᠬᠦ ᠲᠠᠯ᠎ᠠ ᠪᠠᠷ ᠥᠷᠨᠢᠭᠦᠯᠵᠦ᠂ ᠤᠷᠢᠳ ᠬᠤᠵᠢᠳ 40 ᠭᠠᠷᠤᠢ ᠠᠵᠤ ᠠᠬᠤᠶᠢᠯᠠᠯ ᠲᠠᠢ ᠵᠣᠯᠭᠠᠭᠤᠯᠵᠤ᠂ 2 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ 1 ᠲᠥᠷᠥᠯ ᠵᠦᠢᠯ ᠤᠨ ᠭᠡᠷ᠎ᠡ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ 4500 ᠲᠦᠮᠡᠨ ᠲᠥᠭᠦᠷᠢᠭ ᠲᠤ ᠬᠦᠷᠴᠡᠢ᠃      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠲᠠᠪᠢᠨ ᠭᠡᠷ ᠪᠠᠯᠭᠠᠰᠤ ᠶᠢᠨ ᠬᠢᠨ ᠬᠥᠭᠵᠢᠯᠲᠡ ᠶᠢᠨ ᠰᠡᠳᠬᠢᠴᠡ ᠪᠣᠯᠣᠨ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠨᠡᠮᠡᠭᠳᠡᠭᠦᠯᠦᠨ᠎ᠡ᠃      ︽ᠦᠨᠳᠦᠰᠦᠨ ᠱᠠᠲᠤᠨ ᠤ ᠨᠠᠮ ᠤᠨ ᠬᠤᠷᠢᠶ᠎ᠠ ᠶᠢᠨ ᠱᠦᠵᠢ ᠪᠣᠯᠤᠭᠰᠠᠨ ᠤ ᠬᠤᠪᠢ ᠳᠤ᠂ ᠪᠢ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠭᠤᠷᠪᠠᠨ ᠡᠷᠬᠡᠪᠰᠢ ᠶᠢ ᠪᠠᠲᠤ ᠴᠡᠭᠡᠵᠢᠯᠡᠵᠦ᠂ ᠡᠯ᠎ᠡ ᠵᠦᠢᠯ ᠤᠨ ᠠᠵᠢᠯ ᠢᠶᠠᠨ ᠴᠢᠩᠭ᠎ᠠ ᠠᠳᠬᠤᠨ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠠᠪᠢᠨ ᠭᠡᠷ ᠪᠠᠯᠭᠠᠰᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠵᠦ᠂ ᠬᠠᠮᠤᠭ ᠤᠨ ᠡᠷᠡᠰ ᠪᠠᠲᠤ᠂ ᠬᠠᠮᠤᠭ ᠤᠨ ᠠᠰᠢᠭᠲᠠᠢ᠂ ᠬᠠᠮᠤᠭ ᠤᠨ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠯᠢᠦ ᠵᠢᠶᠠ ᠶᠣᠣ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠨᠡᠶᠢᠲᠡᠯᠢᠭ ᠬᠥᠲᠥᠯᠥᠨ ᠳᠠᠭᠠᠭᠤᠯᠬᠤ ᠦᠢᠯᠡᠳᠦᠯ ᠵᠢᠴᠢ ᠳ᠋ᠠ ᠪᠧᠢ ᠶᠣᠣ ᠶᠢᠨ ᠣᠷᠭᠠᠨᠢᠭ ᠲᠡᠵᠢᠭᠡᠯ ᠡᠪᠡᠰᠦ ᠭᠡᠬᠦ ᠡᠨᠡᠬᠦ ᠳᠠᠪᠠᠭᠤᠯᠢᠭ ᠠᠵᠤ ᠦᠢᠯᠡᠰ ᠤᠨ ᠲᠠᠷᠢᠮᠠᠯ ᠤᠨ ᠲᠠᠯᠠᠪᠠᠢ ᠶᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠲᠥᠪᠯᠡᠷᠡᠭᠦᠯᠬᠦ᠂ ᠲᠦᠷᠦᠯ ᠲᠡᠮᠳᠡᠭᠵᠢᠭᠦᠯᠦᠨ ᠬᠥᠭᠵᠢᠭᠦᠯᠬᠦ ᠶᠢ ᠰᠠᠶᠢᠲᠤᠷ ᠪᠠᠳᠠᠷᠠᠭᠤᠯᠵᠤ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠡᠯ᠎ᠡ ᠲᠠᠯ᠎ᠠ ᠶᠢᠨ ᠳᠡᠭᠡᠭᠰᠢᠯᠡᠯᠲᠡ ᠶᠢ ᠳᠠᠰᠤᠷᠠᠯᠳᠠ ᠦᠭᠡᠢ ᠥᠷᠭᠡᠳᠬᠡᠵᠦ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠠᠬᠢᠭᠤᠯᠤᠨ᠎ᠠ︾ ᠭᠡᠵᠦ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠹᠦ᠋ ᠹᠧᠢ ᠫᠢᠩ ᠬᠡᠯᠡᠪᠡ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1