ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 25 ᠤ ᠴᠠᠬᠢᠯᠭᠠᠨ ᠮᠡᠳᠡᠭᠡ 1 ᠰᠠᠷ᠎ᠠ ᠶᠢᠨ 24 ᠤ ᠡᠳᠦᠷ᠂ | ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠳᠣᠯᠣᠳᠤᠭᠠᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ | ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ | ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ | ᠬᠡᠯᠡᠪᠡ᠃ | | 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ | ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ | ᠲᠡᠷᠢᠭᠦᠯᠡᠭᠴᠢ ᠤᠯᠤᠰ ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠪᠣᠯ ᠬᠥᠭᠵᠢᠵᠦ ᠪᠠᠶᠢᠭ᠎ᠠ ᠤᠯᠤᠰ ᠤᠳ ᠤᠨ | ᠴᠢᠬᠤᠯᠠ ᠪᠦᠷᠢᠯᠳᠦᠬᠦᠨ ᠬᠡᠰᠡᠭ ᠮᠥᠨ᠂ ᠪᠠᠰᠠ ᠴᠤ ᠪᠥᠬᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠭᠴᠢ ᠪᠠ | ᠬᠤᠪᠢ ᠨᠡᠮᠡᠷᠢ ᠦᠵᠡᠭᠦᠯᠦᠭᠴᠢ ᠮᠥᠨ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠨᠢᠭᠡᠨᠲᠡ ᠪᠥᠬᠦ ᠪᠥᠮᠪᠥᠷᠴᠡᠭ ᠤᠨ | ᠡᠮᠦᠨᠡᠳᠡᠬᠢ ᠨᠢ ᠡᠮᠦᠨᠡᠳᠡᠬᠢ ᠲᠠᠢ ᠪᠠᠨ ᠬᠠᠮᠲᠤᠷᠠᠯᠴᠠᠬᠤ ᠳᠤ ᠳᠤᠲᠠᠭᠳᠠᠵᠤ ᠪᠣᠯᠣᠰᠢ ᠦᠭᠡᠢ ᠠᠬᠢᠭᠤᠯᠬᠤ ᠬᠦᠴᠦᠨ ᠪᠣᠯᠵᠤ᠂ | ᠭᠠᠵᠠᠷ ᠣᠷᠣᠨ ᠤ ᠡᠩᠬᠡ ᠲᠠᠶᠢᠪᠤᠩᠢ ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ᠂ ᠣᠷᠣᠨ ᠪᠦᠰᠡ ᠶᠢᠨ | ᠨᠢᠭᠡ ᠴᠣᠭᠴᠠᠵᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠣᠷᠣᠨ ᠤ ᠨᠢᠭᠡ ᠴᠣᠭᠴᠠᠵᠢᠯᠲᠠ ᠶᠢᠨ | ᠠᠬᠢᠴᠠ ᠶᠢ ᠢᠮᠠᠭᠲᠠ ᠳᠡᠮᠵᠢᠵᠦ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠯᠤᠭ᠎ᠠ ᠶᠢᠨ ᠬᠠᠷᠢᠯᠴᠠᠭ᠎ᠠ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢ ᠬᠥᠭᠵᠢᠵᠦ ᠪᠠᠶᠢᠭ᠎ᠠ | ᠤᠯᠤᠰ ᠤᠳ ᠤᠨ ᠪᠦᠯᠬᠦᠮᠳᠡᠯ ᠢ ᠪᠠᠬᠢᠵᠢᠭᠦᠯᠬᠦ᠂ ᠡᠮᠦᠨᠡᠳᠡᠬᠢᠲ᠋ᠠᠢ ᠪᠠᠨ ᠬᠠᠮᠲᠤᠷᠠᠯᠴᠠᠬᠤ ᠶᠢ ᠠᠬᠢᠭᠤᠯᠬᠤ ᠴᠢᠬᠤᠯᠠ | ᠬᠠᠨᠢᠲᠠᠨ ᠢᠶᠠᠷ ᠦᠵᠡᠵᠦ ᠪᠠᠶᠢᠨ᠎ᠠ᠃ ᠶᠠᠭ ᠡᠶᠢᠮᠦ ᠤᠭ ᠰᠠᠨᠠᠭ᠎ᠠ ᠠᠴᠠ᠂ ᠳᠤᠮᠳᠠᠳᠤ ᠤᠯᠤᠰ ᠯᠠᠲ᠋ᠢᠨ | ᠠᠮᠧᠷᠢᠺᠠ ᠶᠢᠨ ᠬᠢᠨ ᠲᠠᠢ ᠬᠠᠮᠲᠤ ᠪᠠᠷ᠂ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭ᠎ᠠ ᠶᠢᠨ ᠡᠷᠬᠡ ᠲᠡᠭᠰᠢ᠂ ᠬᠠᠷᠢᠯᠴᠠᠨ | ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡᠲᠦ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠬᠤ ᠶᠢ | ᠠᠬᠢᠭᠤᠯᠪᠠ᠃ ᠨᠡᠩ ᠣᠯᠠᠨ ᠭᠠᠵᠠᠷ ᠣᠷᠣᠨ ᠪᠣᠯᠣᠨ ᠤᠯᠤᠰ ᠤᠳ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠬᠢᠵᠦ ︽ | ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠥᠬᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠣᠯᠣᠨ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ | ᠳᠡᠮᠵᠢᠬᠦ ᠪᠥᠭᠡᠳ ᠣᠷᠣᠯᠴᠠᠵᠤ᠂ ᠳᠤᠮᠳᠠᠳᠤ ᠤᠯᠤᠰ ᠲᠠᠢ ᠭᠠᠷ ᠬᠤᠯᠪᠣᠨ ᠳᠤᠮᠳᠠᠳᠤ ᠯᠠᠲ᠋ᠢᠨ ᠠᠮᠧᠷᠢᠺᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠪᠠᠶᠢᠨ᠎ᠠ ᠭᠡᠵᠦ ᠴᠢᠬᠤᠯᠠᠴᠢᠯᠠᠪᠠ᠃ | | 1 ᠰᠠᠷ᠎ᠠ ᠶᠢᠨ 24 ᠤ ᠡᠳᠦᠷ᠂ ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠳᠣᠯᠣᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠠᠷᠭᠧᠨ᠋ᠲ᠋ᠢᠨ ᠤ ᠨᠡᠶᠢᠰᠯᠡᠯ ᠪᠦᠶᠧᠨᠣᠰ | ᠠᠶᠢᠷᠧᠰ ᠲᠤ ᠶᠠᠪᠤᠭᠳᠠᠪᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ | ᠠᠷᠭᠧᠨ᠋ᠲ᠋ᠢᠨ ᠤ ᠶᠡᠷᠦᠩᠬᠡᠶᠢᠯᠡᠭᠴᠢ ᠹᠧᠷᠨᠠᠨᠳᠧᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ | ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠰᠢᠨ᠎ᠡ ᠤᠷᠪᠠᠭᠠᠨ ᠬᠥᠷᠪᠡᠭᠡᠨ ᠲᠠᠢ ᠬᠤᠪᠢᠰᠤᠯᠲᠠ ᠶᠢᠨ | ᠬᠤᠭᠤᠴᠠᠭᠠᠨ ᠳᠤ ᠣᠷᠣᠪᠠ᠂ ᠭᠠᠭᠴᠠ ᠬᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠪᠠᠯ ᠰᠠᠶ᠋ᠢ ᠥᠷᠢᠰᠦᠯᠳᠦᠭᠡᠨ ᠢ | ᠬᠠᠮᠲᠤ ᠪᠠᠷ ᠤᠭᠲᠤᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠯᠠᠲ᠋ᠢᠨ | ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠲᠠᠢ ᠦᠷᠭᠦᠯᠵᠢᠯᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ | ᠬᠤᠯᠪᠣᠨ ᠬᠠᠮᠲᠤ ᠪᠠᠷ ᠤᠷᠤᠭᠰᠢᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠦᠭᠡ ᠪᠦᠬᠦᠢ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠵᠤ᠂ | ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ | ᠭᠡᠵᠦ ᠴᠢᠬᠤᠯᠠᠴᠢᠯᠠᠪᠠ᠃ | | |