ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/29
       1 ᠳ᠋ᠤᠭᠡᠷ ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ 2023 ᠣᠨ ᠤ 100 ᠭᠤᠣᠯᠳᠠᠯᠭ᠎ᠠ ᠲᠠᠢ ᠲᠦᠷᠦᠯ ᠵᠦᠢᠯ ᠵᠢᠴᠢ ᠡᠯ᠎ᠡ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠰᠤᠳᠤᠯᠤᠨ ᠠᠬᠢᠭᠤᠯᠵᠠᠢ᠃      ᠬᠤᠷᠠᠯ ᠠᠴᠠ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ ᠶᠢ ᠪᠠᠷᠢᠮᠲᠠᠯᠠᠵᠤ᠂ ᠡᠬᠢᠯᠡᠯᠲᠡ ᠪᠣᠯ ᠳᠠᠷᠤᠢ ᠰᠢᠪᠲᠤᠯᠤᠯᠲᠠ ᠮᠥᠨ᠂ ᠡᠬᠢᠯᠡᠯᠲᠡ ᠪᠣᠯ ᠳᠠᠷᠤᠢ ᠰᠢᠢᠳᠪᠦᠷᠢᠲᠦ ᠪᠠᠶᠢᠯᠳᠤᠭᠠᠨ ᠬᠢᠬᠦ ᠣᠪᠣᠷ ᠪᠠᠶᠢᠳᠠᠯ ᠢᠶᠠᠷ ᠠᠵᠢᠯ ᠳᠠᠭᠠᠨ ᠬᠠᠷᠢᠭᠤᠴᠠᠵᠤ᠂ ᠠᠵᠢᠯ ᠦᠢᠯᠡᠰ ᠲᠡᠭᠡᠨ ᠬᠠᠷᠢᠭᠤᠴᠠᠵᠤ᠂ ᠡᠯ᠎ᠡ ᠵᠦᠢᠯ ᠤᠨ ᠠᠵᠢᠯ ᠤᠨ ᠥᠨᠳᠥᠷ ᠪᠦᠲᠦᠮᠵᠢᠲᠡᠢ ᠪᠡᠶᠡᠯᠡᠭᠳᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠶᠠᠨ ᠭᠠᠵᠠᠷ ᠤᠨ ᠳᠡᠰ ᠤᠨ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ ᠪᠡᠶ᠎ᠡ ᠪᠠᠷ ᠢᠶᠠᠨ ᠡᠮᠦᠨ᠎ᠡ ᠨᠢ ᠵᠢᠯᠤᠭᠤᠳᠴᠤ᠂ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢ ᠰᠤᠳᠤᠯᠵᠤ᠂ ᠠᠬᠢᠴᠠ ᠶᠢ ᠱᠠᠯᠠᠪᠳᠠᠭᠤᠯᠵᠤ᠂ ᠠᠵᠤ ᠠᠬᠤᠶᠢᠯᠠᠯ ᠢ ᠬᠠᠪᠰᠤᠷᠤᠨ ᠳᠠᠯᠳᠠ ᠬᠦᠴᠦᠨ ᠢ ᠨᠢ ᠠᠭᠤᠳᠠᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠨᠢ ᠥᠷᠭᠡᠳᠬᠡᠬᠦ ᠬᠡᠷᠡᠭᠲᠡᠢ︔ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠠᠮᠤᠷ ᠲᠦᠪᠰᠢᠨ ᠥᠨᠳᠥᠷ ᠪᠦᠲᠦᠮᠵᠢᠲᠡᠶ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠡᠳᠦᠷ ᠤᠨ ᠲᠣᠬᠢᠷᠠᠭᠤᠯᠤᠯᠲᠠ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠠᠵᠢᠯ ᠡᠬᠢᠯᠡᠭᠦᠯᠬᠦ ᠴᠢᠬᠤᠯᠠ ᠨᠥᠬᠦᠴᠡᠯ ᠢ ᠪᠦᠷᠢᠳᠦᠭᠦᠯᠵᠦ᠂ ᠠᠵᠤ ᠠᠬᠤᠶᠢᠯᠠᠯ ᠤᠨ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ  ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠢᠶᠠᠷ ᠲᠠᠮᠵᠢᠨ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠲᠠᠮᠵᠢᠨ ᠠᠷᠠᠯᠵᠢᠶᠠᠴᠢᠨ ᠤᠷᠢᠬᠤ᠂ ᠴᠡᠭ ᠲᠤ ᠰᠠᠭᠤᠵᠤ ᠠᠷᠠᠯᠵᠢᠶᠠᠴᠢᠨ ᠤᠷᠢᠬᠤ᠂ ᠵᠠᠭᠤᠴᠢ ᠪᠠᠷ ᠠᠷᠠᠯᠵᠢᠶᠠᠴᠢᠨ ᠤᠷᠢᠬᠤ ᠶᠢ ᠰᠠᠶᠢᠲᠤᠷ ᠬᠢᠬᠦ ᠬᠡᠷᠡᠭᠲᠡᠢ︔ ᠬᠡᠯᠡᠯᠴᠡᠭᠡᠷ ᠤᠨ ᠵᠦᠢᠯᠡᠰ ᠲᠤ ᠠᠯᠢ ᠲᠦᠷᠭᠡᠨ ᠢᠶᠠᠷ ᠭᠡᠷ᠎ᠡ ᠲᠣᠭᠲᠠᠬᠤ᠂ ᠭᠡᠷ᠎ᠡ ᠲᠣᠭᠲᠠᠬᠤ ᠵᠦᠢᠯᠡᠰ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂ ᠠᠵᠠ ᠲᠣᠬᠢᠶᠠᠯ ᠢ ᠠᠮᠵᠢᠵᠤ᠂ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶ᠎ᠡ ᠲᠠᠢ ᠰᠠᠶᠢᠲᠤᠷ ᠬᠠᠷᠢᠴᠠᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠲᠥᠯᠥᠪᠵᠢᠭᠦᠯᠬᠦ᠂ ᠪᠣᠭᠤᠳᠠᠯᠯᠠᠬᠤ᠂ ᠨᠥᠭᠡᠴᠡᠯᠡᠬᠦ ᠪᠠ ᠲᠡᠮᠡᠴᠡᠨ ᠣᠯᠬᠤ ᠠᠵᠢᠯ ᠢ ᠰᠠᠶᠢᠲᠤᠷ ᠬᠢᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠮᠠᠨ ᠤ ᠰᠢᠶᠠᠨ ᠤ ᠬᠥᠭᠵᠢᠯᠲᠡ ᠳᠤ ᠪᠡᠯᠡ ᠮᠥᠩᠭᠦ ᠶᠢᠨ ᠳᠡᠮᠵᠢᠯᠭᠡ ᠣᠯᠬᠤ ᠬᠡᠷᠡᠭᠲᠡᠢ᠃ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ᠂ ᠲᠣᠣᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ᠂ ᠬᠥᠬᠡᠬᠤᠲᠠ ᠶᠢᠨ ᠬᠥᠩᠭᠡᠨ ᠴᠠᠭᠠᠨ ᠴᠠᠬᠢᠯᠭᠠᠨ ᠢᠯᠴᠢ ᠬᠠᠩᠭᠠᠯᠭ᠎ᠠ ᠶᠢ ᠲᠤᠭᠳᠠᠬᠤ ᠰᠢᠶᠠᠨ ᠳᠤ ᠣᠷᠣᠭᠤᠯᠬᠤ ᠢᠨᠵᠧᠨᠧᠷᠢᠩ᠂ ᠢᠯᠢ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠢᠯ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ ᠪᠠᠶᠢᠳᠠᠯ ᠢ ᠰᠠᠶᠢᠲᠤᠷ ᠠᠳᠬᠤᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠶᠡᠷᠦᠩᠬᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠵᠢᠭᠰᠠᠭᠠᠨ ᠪᠠᠶᠢᠴᠠᠭᠠᠵᠤ ᠡᠶᠡᠳᠡᠭᠦᠯᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1