ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠬᠥᠭᠵᠢᠯᠲᠡ ᠶᠢ ᠡᠷᠢᠯᠬᠢᠯᠡᠵᠦ᠂ ᠰᠡᠳᠬᠢᠯ ᠢᠶᠠᠨ ᠨᠢᠭᠡᠳᠬᠡᠨ | ᠲᠡᠮᠡᠴᠡᠵᠦ ᠰᠢᠨ᠎ᠡ ᠬᠠᠭᠤᠳᠠᠰᠤ ᠶᠢ ᠪᠢᠴᠢᠭᠯᠡᠶ᠎ᠡ᠃ 1 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯᠳᠤᠭᠠᠨ ᠶᠦᠨ ᠵᠦᠩ ᠤᠨ ᠰᠣᠶᠣᠯ ᠤᠨ ᠣᠷᠳᠣᠨ ᠳᠤ | ᠦᠪᠡᠳᠡᠭᠰᠢ ᠶᠡᠭᠡ ᠪᠠᠷ ᠡᠬᠢᠯᠡᠪᠡ᠃ | ᠥᠨᠥᠳᠥᠷ ᠤᠨ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠪᠣᠯ᠄ ᠸᠠᠩ ᠮᠢᠩ᠂ ᠣᠶᠤᠨᠴᠡᠴᠡᠭ᠂ ᠯᠢ | ᡁᠢ ᠫᠢᠩ᠂ ᠱᠢ ᠵᠢᠶᠠᠨ ᠵᠦᠩ᠂ ᠦ᠋ ᠵᠢᠶᠧ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ | ᠪᠦᠷᠢᠯᠳᠦᠭᠦᠨ ᠪᠣᠯᠣᠨ᠎ᠠ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ᠂ ᠰᠢᠶᠠᠨ ᠤ ᠨᠠᠮ ᠤᠨ ᠬᠤᠷᠢᠶᠠᠨ ᠤ ᠳᠡᠳ᠋ | ᠱᠦᠵᠢ᠂ ᠰᠢᠶᠠᠨ ᠤ ᠳᠠᠷᠤᠭ᠎ᠠ ᠭᠤᠣ ᠵᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ | ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ | ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠤᠳᠤᠷᠢᠳᠬᠤ | ᠨᠥᠬᠦᠳ ᠲᠤ᠄ ᠲᠦᠮᠡᠨ᠂ ᠰᠦᠨ ᠬᠠᠢ ᠱᠧᠩ᠂ ᠵᠠᠩ ᠰᠢᠶᠣᠣ ᠳ᠋ᠦᠩ᠂ ᠵᠠᠩ ᠢᠤ᠋ ᠢ᠂ ᠦ᠋ ᠹᠦ᠋ ᠵᠦᠩ᠂ ᠵᠢᠢ ᠶᠠ | ᠨᠠᠨ᠂ ᠯᠢᠦ ᠹᠧᠢ᠂ ᠬᠠᠨ ᠵᠧᠨ ᠸᠧᠢ᠂ ᠸᠠᠩ ᠵᠢᠶᠠ ᠨᠢᠩ᠂ ᠵᠠᠢ ᠱᠦ ᠵᠢᠶᠧ᠂ ᠸᠧᠨ ᠵᠢᠶᠠᠩ ᠬᠠᠢ᠂ ᠹᠠᠨ ᠷᠦᠢ | ᠫᠢᠩ᠂ ᠯᠢ ᠸᠧᠨ ᠰᠢᠸ᠂ ᠶᠠᠩ ᠶᠢᠨ᠂ ᠷᠧᠨ ᠷᠦᠢ᠂ ᠵᠠᠩ ᠵᠧᠨ ᠬᠠᠢ ᠰᠢᠶᠧ ᠴᠦᠨ ᠯᠦᠩ᠂ ᠹᠦ᠋ ᠴᠧᠨ ᠵᠡᠷᠭᠡ | ᠪᠤᠢ᠃ | ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠯᠢᠦ ᠮᠢᠨ᠂ ᠰᠢᠶᠠᠨ ᠤ ᠠᠷᠠᠳ ᠤᠨ ᠪᠠᠶᠢᠴᠠᠭᠠᠬᠤ | ᠬᠤᠷᠢᠶᠠᠨ ᠤ ᠪᠠᠶᠢᠴᠠᠭᠠᠬᠤ ᠳᠠᠷᠤᠭ᠎ᠠ ᠴᠢᠶᠣᠤ ᠸᠠᠨ ᠯᠢᠩ ᠤᠷᠢᠯᠭ᠎ᠠ ᠪᠠᠷ ᠬᠤᠷᠠᠯ ᠳᠤ ᠣᠷᠣᠯᠴᠠᠪᠠ᠃ | ᠰᠢᠶᠠᠨ ᠤ ᠬᠡᠰᠡᠭ ᠬᠡᠯᠳᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ ᠠᠷᠠᠳ ᠤᠨ ᠪᠦᠯᠬᠦᠮ᠂ | ᠨᠠᠶᠢᠳᠠᠯᠭ᠎ᠠ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠬᠡᠰᠡᠭ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠬᠤᠷᠠᠯ ᠳᠤ ᠣᠷᠤᠯᠴᠠᠬᠤ ᠶᠣᠰᠣᠲᠠᠢ ᠭᠡᠰᠢᠭᠦᠨ 155 ᠬᠥᠮᠥᠨ᠂ ᠪᠣᠳᠠᠲᠠᠢ ᠣᠷᠣᠯᠴᠠᠭᠰᠠᠨ ᠭᠡᠰᠢᠭᠦᠨ 132 | ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠱᠢ ᠵᠢᠶᠠᠨ ᠵᠦᠩ ᠶᠡᠭᠡ ᠬᠤᠷᠠᠯ ᠡᠬᠢᠯᠡᠭᠰᠡᠨ ᠢ ᠵᠠᠷᠯᠠᠪᠠ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ | ᠰᠢᠶᠠᠨ ᠤ ᠨᠠᠮ ᠤᠨ ᠬᠤᠷᠢᠶᠠᠨ ᠤ ᠡᠮᠦᠨ᠎ᠡ ᠠᠴᠠ ᠶᠠᠷᠢᠶ᠎ᠠ ᠲᠠᠯᠪᠢᠪᠠ᠃ ᠲᠡᠷᠡ᠂ ᠰᠠᠶ᠋ᠢᠬᠠᠨ ᠥᠩᠭᠡᠷᠡᠭᠰᠡᠨ 2022 | ᠣᠨ ᠪᠣᠯ ᠲᠤᠶᠢᠯ ᠤᠨ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ | ᠬᠥᠭᠵᠢᠯᠲᠡ ᠶᠢᠨ ᠣᠷᠴᠢᠨ ᠲᠣᠭᠤᠷᠢᠨ ᠪᠠ ᠰᠣᠯᠪᠢᠴᠠᠨ ᠳᠠᠪᠬᠤᠴᠠᠭᠰᠠᠨ ᠠᠶᠤᠯ ᠲᠦᠭᠰᠢᠭᠦᠷᠢ ᠥᠷᠢᠰᠦᠯᠳᠦᠭᠡᠨ ᠤ | ᠡᠮᠦᠨ᠎ᠡ᠂ ᠢᠯᠠᠩᠭᠤᠶ᠎ᠠ ᠬᠤᠶᠠᠷ ᠤᠳᠠᠭᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠨᠥᠯᠥᠭᠡᠯᠡᠯ ᠠᠴᠠ ᠪᠣᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ | ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠤᠱᠯᠠᠭᠤᠯᠵᠤ᠂ ︽ᠬᠢᠵᠢᠭ ᠤᠨ | ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ | ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠷᠡᠰ ᠰᠢᠭᠤᠷᠬᠠᠢ ᠪᠠᠷ | ᠤᠷᠤᠭᠰᠢᠯᠠᠨ ᠳᠠᠪᠰᠢᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠭᠠᠳ᠂ ᠪᠥᠬᠦ ᠰᠢᠶᠠᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠬᠥᠭᠵᠢᠭᠦᠯᠬᠦ᠂ ᠨᠡᠶᠢᠭᠡᠮ ᠢ ᠲᠣᠭᠲᠠᠭᠤᠨ ᠪᠠᠶᠢᠯᠭᠠᠬᠤ ᠪᠠ | ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠳᠤ ᠰᠢᠨ᠎ᠡ ᠠᠬᠢᠴᠠ ᠲᠠᠢ ᠪᠣᠯᠬᠤ ᠶᠢ ᠬᠦᠴᠦᠲᠡᠢ ᠲᠦᠯᠬᠢᠨ | ᠠᠬᠢᠭᠤᠯᠪᠠ᠃ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠵᠠᠮᠴᠢᠯᠠᠨ ᠴᠢᠭᠯᠡᠯ ᠢ ᠲᠣᠭᠲᠠᠭᠠᠬᠤ ᠠᠴᠠ ᠰᠠᠯᠵᠤ ᠴᠢᠳᠠᠬᠤ ᠦᠭᠡᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠠᠯᠠᠮᠵᠢᠯᠠᠯ ᠵᠢᠯᠣᠭᠤᠳᠤᠯᠭ᠎ᠠ ᠠᠴᠠ ᠰᠠᠯᠵᠤ | ᠴᠢᠳᠠᠬᠤ ᠦᠭᠡᠢ᠂ ᠪᠦᠬᠦ ᠰᠢᠶᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠬᠠᠮᠲᠤ ᠶᠢᠨ | ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠪᠥᠭᠡᠳ ᠪᠠᠰᠠ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠣᠯᠣᠨ | ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠬᠥᠯᠥᠰᠦ᠂ ᠤᠶᠤᠨ ᠤᠬᠠᠭᠠᠨ ᠪᠣᠯᠣᠨ | ᠬᠦᠴᠦ ᠬᠥᠯᠥᠰᠦ ᠰᠢᠩᠭᠡᠵᠦ ᠪᠠᠶᠢᠳᠠᠭ᠃ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠥᠩᠭᠡᠷᠡᠭᠰᠡᠨ ᠨᠢᠭᠡ ᠵᠢᠯ ᠤᠨ ᠲᠤᠷᠰᠢᠬᠢ ᠠᠵᠢᠯ ᠢ ᠭᠤᠤ | ᠵᠧᠩ ᠭᠦᠢᠴᠡᠳ ᠨᠤᠲᠠᠯᠠᠪᠠ᠃ ᠲᠡᠷᠡ᠂ ᠨᠢᠭᠡ ᠵᠢᠯ ᠤᠨ ᠲᠤᠷᠰᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ | ᠵᠥᠪ ᠣᠨᠣᠪᠴᠢᠲᠠᠢ ᠠᠵᠢᠯ ᠤᠨ ᠴᠢᠭᠯᠡᠯ ᠢ ᠪᠠᠷᠢᠮᠲᠠᠯᠠᠵᠤ᠂ ᠪᠦᠬᠦ ᠰᠢᠶᠠᠨ ᠤ ᠪᠦᠯᠬᠦᠮᠳᠡᠨ ᠬᠠᠮᠲᠤᠷᠠᠯᠴᠠᠬᠤ ᠤᠯᠤᠰ | ᠲᠦᠷᠦ ᠶᠢᠨ ᠰᠠᠭᠤᠷᠢ ᠶᠢ ᠪᠠᠬᠢᠵᠢᠭᠦᠯᠪᠡ︔ ᠪᠦᠯᠬᠦᠮᠳᠡᠯ ᠠᠷᠠᠳᠴᠢᠯᠠᠯ ᠤᠨ ᠭᠤᠣᠯ ᠰᠡᠳᠦᠪ ᠢ ᠪᠠᠲᠤ ᠡᠵᠡᠮᠳᠡᠵᠦ᠂ | ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ | ᠦᠨᠳᠦᠰᠦᠲᠡᠨ ᠡᠯ᠎ᠡ ᠡᠲᠡᠭᠡᠳ ᠤᠨ ᠬᠥᠮᠥᠰ ᠯᠦᠭᠡ ᠶᠢᠨ ᠪᠦᠯᠬᠦᠮᠳᠡᠯ ᠪᠠ ᠬᠠᠷᠢᠯᠴᠠᠭ᠎ᠠ ᠪᠠᠨ ᠴᠢᠩᠭᠠᠳᠬᠠᠪᠠ᠃ | ᠨᠡᠶᠢᠲᠡᠯᠢᠭ ᠵᠢᠱᠢᠶ᠎ᠡ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ | ᠵᠥᠪᠯᠡᠯᠭᠡᠨ ᠤ ᠠᠵᠢᠯ ᠤᠨ ᠵᠢᠷᠦᠮᠵᠢᠯᠲᠡ ᠪᠠ ᠳᠦᠷᠢᠮᠵᠢᠯᠲᠡ ᠶᠢ ᠠᠬᠢᠭᠤᠯᠪᠠ᠃ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠲᠠ ᠪᠠ ᠰᠢᠨᠵᠢᠯᠡᠬᠦ ᠤᠬᠠᠭᠠᠨᠴᠢᠯᠠᠯᠲᠠ ᠶᠢ ᠠᠬᠢᠭᠤᠯᠵᠤ᠂ ᠪᠦᠬᠦ | ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ | | ᠭᠤᠤ ᠵᠧᠩ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠂ ᠪᠦᠬᠦ ᠰᠢᠶᠠᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ | ᠡᠭᠦᠷᠭᠡ ᠬᠠᠲᠠᠭᠤ ᠪᠡᠷᠬᠡ ᠶᠤᠮ᠃ ᠲᠦᠷᠦᠭᠦᠬᠡᠨ ᠬᠤᠷᠠᠯᠳᠤᠭᠤᠯᠤᠭᠰᠠᠨ ᠰᠢᠶᠠᠨ ᠤ ᠨᠠᠮ ᠤᠨ ᠬᠤᠷᠢᠶ᠎ᠠ ᠶᠢᠨ ᠠᠷᠪᠠᠨ | ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠲᠠᠪᠤᠨ | ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠪᠠ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠴᠢᠳᠠᠪᠤᠷᠢ ᠶᠢᠨ ᠲᠠᠰ︾ ᠢ | ᠳᠡᠭᠡᠭᠰᠢᠯᠡᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ 2023 ᠣᠨ ᠤ ᠪᠥᠬᠦ | ᠰᠢᠶᠠᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠰᠡᠳᠬᠢᠮᠵᠢ ᠶᠢ ᠲᠣᠭᠲᠠᠭᠠᠵᠤ᠂ ︽ᠲᠠᠪᠤᠨ ᠶᠡᠭᠡ ᠭᠠᠷᠳᠠᠴᠠ︾ | ᠪᠠᠷ ᠭᠤᠣᠯᠳᠠᠯᠭ᠎ᠠ ᠪᠣᠯᠭᠠᠭᠰᠠᠨ ᠪᠣᠳᠠᠲᠠᠢ ᠡᠭᠦᠷᠭᠡ ᠶᠢ ᠳᠤᠷᠠᠳᠤᠨ ᠭᠠᠷᠭᠠᠪᠠ᠃ ᠬᠠᠷᠠᠯᠲᠠ ᠡᠭᠦᠷᠭᠡ ᠶᠢ ᠨᠢᠭᠡᠨᠲᠡ | ᠲᠣᠳᠣᠷᠬᠠᠶᠢᠯᠠᠭᠰᠠᠨ ᠤ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠳᠤ ᠪᠤᠢ᠂ ᠰᠢᠶᠠᠨ ᠤ ᠤᠯᠤᠰ ᠲᠦᠷᠦ ᠶᠢᠨ | ᠵᠥᠪᠯᠡᠯᠭᠡᠨ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠦᠬᠦ ᠲᠠᠯ᠎ᠠ ᠶᠢᠨ ᠥᠨᠳᠥᠷᠴᠡ | ᠠᠴᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠣᠭᠲᠠᠬᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠠᠤᠭ᠎ᠠ ᠦᠢᠯᠡᠳᠦᠯᠭᠡ ᠶᠢᠨ ᠳᠤᠮᠳᠠ ︽ᠤᠯᠤᠰ ᠲᠦᠷᠦ ᠶᠢᠨ | ᠵᠥᠪᠯᠡᠯᠭᠡᠨ ᠤ ᠰᠢᠨ᠎ᠡ ᠡᠭᠦᠷᠭᠡᠯᠡᠯ︾ ᠢ ᠢᠯᠡᠷᠡᠭᠦᠯᠵᠦ᠂ ︽ᠤᠯᠤᠰ ᠲᠦᠷᠦ ᠶᠢᠨ ᠵᠥᠪᠯᠡᠯᠭᠡᠨ ᠤ ᠰᠢᠨ᠎ᠡ ᠵᠢᠳᠬᠦᠯ | ᠴᠢᠷᠮᠠᠶᠢᠯᠭ᠎ᠠ︾ ᠶᠢ ᠢᠯᠡᠷᠡᠭᠦᠯᠬᠦ ᠶᠢ ᠬᠦᠰᠡᠵᠦ ᠪᠠᠶᠢᠨ᠎ᠠ ᠭᠡᠵᠡᠢ᠃ | ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠮᠢᠩ ᠰᠢᠶᠠᠨ ᠤ ᠤᠯᠤᠰ ᠲᠦᠷᠦ ᠶᠢᠨ | ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠶᠡᠭᠡ | ᠬᠤᠷᠠᠯ ᠳᠤ ᠠᠵᠢᠯ ᠤᠨ ᠮᠠᠳᠠᠭᠦᠯᠦᠯᠳᠡ ᠭᠢᠵᠡᠢ᠃ ᠲᠡᠷᠡ᠂ ᠰᠠᠶ᠋ᠢᠬᠠᠨ ᠥᠩᠭᠡᠷᠡᠭᠰᠡᠨ 2022 ᠣᠨ ᠪᠣᠯ ᠲᠤᠶᠢᠯ ᠤᠨ | ᠶᠡᠷᠦ ᠪᠤᠰᠤ ᠶᠢᠨ ᠶᠤᠮ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠨ ᠠᠪᠴᠢᠷᠠᠵᠤ᠂ ᠪᠦᠬᠦ ᠰᠢᠶᠠᠨ ᠤ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠯᠠᠪᠳᠠᠭᠤᠨ ᠪᠠᠲᠤᠲᠠᠢ ᠪᠠᠶᠢᠵᠤ᠂ ᠥᠭᠡᠷᠡᠴᠢᠯᠡᠯᠲᠡ ᠬᠥᠭᠵᠢᠯᠲᠡ | ᠲᠦᠷᠭᠡᠨ ᠪᠥᠭᠡᠳ ᠲᠣᠭᠲᠠᠭᠤᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠠᠯᠬᠤᠭ᠎ᠠ ᠯᠠᠪᠳᠠᠭᠤᠨ ᠪᠠᠲᠤᠲᠠᠢ ᠪᠠᠶᠢᠬᠤ ᠶᠢ ᠬᠠᠮᠲᠤ ᠪᠠᠷ ᠭᠡᠷᠡᠴᠢᠯᠡᠪᠡ᠃ ᠨᠢᠭᠡ ᠵᠢᠯ ᠤᠨ ᠲᠤᠷᠰᠢ᠂ | ᠰᠢᠶᠠᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠳᠡᠭᠡᠳᠦ ᠱᠠᠲᠤᠨ ᠤ ᠤᠯᠤᠰ | ᠲᠥᠷᠥ ᠶᠢᠨ ᠵᠥᠪᠯᠡᠯᠭᠡᠨ ᠤ ᠢᠳᠡᠪᠬᠢᠲᠡᠢ ᠵᠢᠯᠣᠭᠤᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠰᠢᠶᠠᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ | ᠬᠢᠨ ᠤ ᠠᠩᠬᠠᠷᠤᠯ ᠳᠡᠮᠵᠢᠯᠭᠡ ᠳᠣᠣᠷ᠎ᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ | ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ | ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠤᠨ ᠬᠤᠶᠠᠷ ᠶᠡᠭᠡ ᠭᠤᠣᠯ | ᠰᠡᠳᠦᠪ ᠢ ᠣᠨᠣᠪᠴᠢᠲᠠᠢ ᠡᠵᠡᠮᠳᠡᠵᠦ᠂ ᠪᠦᠬᠦ ᠰᠢᠶᠠᠨ ᠤ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ | ᠤᠨᠢᠨ ᠳᠡᠭᠡᠷ᠎ᠡ ᠨᠢ ᠰᠠᠨᠠᠯ ᠵᠥᠪᠯᠡᠯᠭᠡ ᠳᠤᠷᠠᠳᠤᠨ ᠪᠣᠳᠠᠲᠠᠢ ᠠᠷᠭ᠎ᠠ ᠤᠬᠠᠭᠠᠨ ᠭᠠᠷᠭᠠᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ | ᠬᠠᠷᠢᠭᠤᠴᠠᠯᠭ᠎ᠠ ᠪᠠᠨ ᠡᠭᠦᠷᠭᠡᠯᠡᠵᠦ᠂ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠰᠢᠨ᠎ᠡ ᠰᠡᠳᠬᠢᠴᠡ ᠰᠢᠨ᠎ᠡ ᠵᠢᠳᠬᠦᠯ ᠴᠢᠷᠮᠠᠶᠢᠯᠭ᠎ᠠ ᠶᠢᠨ ᠰᠢᠨ᠎ᠡ ᠪᠠᠶᠢᠳᠠᠯ ᠢ ᠢᠯᠡᠷᠡᠭᠦᠯᠪᠡ᠃ | ᠬᠤᠷᠠᠯ ᠳᠡᠭᠡᠷ᠎ᠡ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ᠂ ᠣᠶᠤᠨᠴᠡᠴᠡᠭ ᠶᠡᠭᠡ ᠬᠤᠷᠠᠯ ᠳᠤ ᠰᠢᠶᠠᠨ ᠤ ᠤᠯᠤᠰ ᠲᠦᠷᠦ ᠶᠢᠨ | ᠵᠥᠪᠯᠡᠯᠭᠡᠨ ᠤ ᠰᠠᠨᠠᠯ ᠵᠥᠪᠯᠡᠯᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ | |