ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 82 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 2022 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/5
      1 ᠰᠠᠷ᠎ᠠ ᠶᠢᠨ 4  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠳ᠋ᠦᠩ ᠱᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 82 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 2022 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠡᠯ᠎ᠡ ᠨᠠᠮ ︵ᠠᠵᠤ ᠦᠢᠯᠡᠳᠪᠦᠷᠢ︶ ᠤᠨ ᠬᠤᠷᠢᠶ᠎ᠠ ᠶᠢᠨ ᠱᠦᠵᠢ ᠶᠢᠨ 2022 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠᠶᠢᠳᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠸᠠᠩ ᠳ᠋ᠦᠩ ᠱᠧᠩ ᠨᠢᠭᠡᠳ ᠨᠢᠭᠡ ᠪᠠᠷ ᠦᠨᠡᠯᠡᠯᠲᠡ ᠬᠢᠵᠦ᠂ ᠠᠮᠵᠢᠯᠲᠠ ᠪᠠᠨ ᠨᠤᠲᠠᠯᠠᠭᠰᠠᠨ ᠪᠥᠭᠡᠳ ᠠᠰᠠᠭᠤᠳᠠᠯ ᠢ ᠵᠢᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠣᠯᠣᠨ ᠬᠤᠶᠢᠰᠢᠳᠠ ᠶᠢᠨ ᠴᠢᠷᠮᠠᠶᠢᠬᠤ ᠴᠢᠭᠯᠡᠯ ᠢ ᠲᠣᠳᠣᠷᠬᠠᠢ ᠳᠤᠷᠠᠳᠴᠠᠢ᠃ ᠲᠡᠷᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠬᠤ ᠬᠡᠷᠡᠭᠲᠡᠢ︔ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃      ᠰᠢᠶᠠᠨ ᠤ ᠤᠳᠤᠷᠢᠳᠤᠯᠭ᠎ᠠ ᠸᠠᠩ ᠵᠢᠶᠠ ᠨᠢᠩ᠂ ᠦ᠋ ᠹᠦ᠋ ᠵᠥᠩ᠂ ᠵᠢᠢ ᠶᠠ ᠨᠠᠨ ᠲᠤᠰ ᠲᠤᠰ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠭᠰᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ  ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠦᠨᠡᠯᠡᠯᠲᠡ ᠬᠢᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1