1 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ | ᠬᠤᠷᠠᠯᠳᠤᠭᠠᠨ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠶᠦᠨ ᠵᠦᠩ | ᠰᠣᠶᠣᠯ ᠤᠨ ᠣᠷᠳᠣᠨ ᠳᠤ ᠢᠯᠠᠯᠲᠠ ᠲᠠᠢ ᠲᠡᠭᠦᠰᠪᠡ᠃ | ᠲᠣᠰ ᠤᠳᠠᠭᠠᠨ ᠤ ᠬᠤᠷᠠᠯᠳᠤᠭᠠᠨ ᠳᠤ ᠣᠷᠤᠯᠴᠠᠬᠤ ᠶᠣᠰᠣᠲᠠᠢ ᠭᠡᠰᠢᠭᠦᠨ 155 ᠬᠥᠮᠥᠨ ᠪᠠᠶᠢᠵᠤ᠂ ᠬᠡᠷᠡᠭ | ᠠᠴᠠ ᠪᠣᠯᠵᠤ ᠡᠪᠡᠳᠴᠢᠨ ᠠᠴᠠ ᠪᠣᠯᠵᠤ 13 ᠬᠥᠮᠥᠨ ᠠᠴᠠ ᠴᠢᠯᠦᠭᠡ ᠭᠤᠶᠤᠪᠠ᠂ ᠪᠣᠳᠠᠲᠠᠢ ᠣᠷᠣᠯᠴᠠᠭᠰᠠᠨ ᠨᠢ | 142 ᠬᠥᠮᠥᠨ ᠪᠠᠶᠢᠵᠤ᠂ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ᠃ | ᠲᠤᠰ ᠤᠳᠠᠭ᠎ᠠ ᠶᠢᠨ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠪᠣᠯ᠄ ᠸᠠᠩ ᠮᠢᠩ᠂ ᠣᠶᠤᠨᠴᠡᠴᠡᠭ᠂ | ᠯᠢ ᡁᠢ ᠫᠢᠩ᠂ ᠱᠢ ᠵᠢᠶᠠᠨ ᠵᠦᠩ᠂ ᠦ᠋ ᠵᠢᠶᠧ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ | ᠪᠦᠷᠢᠯᠳᠦᠭᠦᠨ ᠪᠣᠯᠣᠨ᠎ᠠ᠃ ᠶᠡᠭᠡ ᠬᠤᠷᠠᠯ ᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ | ᠮᠢᠩ ᠡᠷᠬᠢᠯᠡᠪᠡ᠃ | ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ᠂ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ ᠬᠤᠷᠠᠯ ᠳᠤ | ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | ᠰᠢᠶᠠᠨ ᠭᠠᠵᠠᠷ ᠤᠨ ᠱᠠᠲᠤᠨ ᠤ ᠬᠢᠨ᠂ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠰᠢᠶᠠᠨ ᠤ | ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠲᠤᠭᠳᠠᠬᠤ ᠴᠢᠩ ᠱᠦᠢ ᠾᠧ ᠠᠵᠤ ᠠᠬᠤᠢ ᠶᠢᠨ | ᠨᠡᠭᠡᠭᠡᠨ ᠬᠥᠭᠵᠢᠭᠦᠯᠬᠦ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤᠷᠢᠯᠭ᠎ᠠ ᠪᠠᠷ ᠬᠤᠷᠠᠯ ᠳᠤ | ᠣᠷᠣᠯᠴᠠᠵᠠᠢ᠃ | ᠰᠢᠶᠠᠨ ᠤ ᠡᠯ᠎ᠡ ᠬᠡᠯᠳᠡᠰ᠂ ᠬᠤᠷᠢᠶ᠎ᠠ᠂ ᠠᠯᠪᠠᠨ ᠭᠡᠷ᠂ ᠲᠣᠪᠴᠢᠶ᠎ᠠ᠂ ᠠᠷᠠᠳ ᠤᠨ ᠪᠦᠯᠬᠦᠮ᠂ | ᠲᠤᠭᠳᠠᠬᠤ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠬᠡᠰᠡᠭ ᠬᠤᠪᠢ ᠶᠢᠨ ᠡᠵᠡᠩᠨᠡᠯᠲᠡ ᠶᠢᠨ ᠠᠵᠤ | ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠶᠡᠭᠡ ᠬᠤᠷᠠᠯ ᠠᠴᠠ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠣᠶᠤᠨᠴᠡᠴᠡᠭ ᠤᠨ | ᠬᠢᠭᠰᠡᠨ ᠤᠯᠤᠰ ᠲᠥᠷᠥ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ | ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ | ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ | ᠠᠵᠢᠯ ᠤᠨ ᠢᠯᠡᠳᠬᠡᠯ ᠤᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ ᠰᠢᠶᠠᠨ ᠤ ᠠᠷᠪᠠᠳᠤᠭᠠᠷ | ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠰᠢᠢᠳᠪᠦᠷᠢ ᠶᠢ ᠪᠠᠲᠤᠯᠠᠵᠤ᠂ ᠰᠠᠨᠠᠯ ᠵᠥᠪᠯᠡᠯᠭᠡ ᠶᠢᠨ ᠠᠵᠢᠯ ᠤᠨ | ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ | ᠭᠤᠷᠪᠠᠳᠤᠭᠠᠷ ᠬᠤᠷᠠᠯᠳᠤᠭᠠᠨ ᠤ ᠰᠢᠢᠳᠪᠦᠷᠢ ᠶᠢ ᠪᠠᠲᠤᠯᠠᠵᠤ᠂ ᠤᠯᠤᠰ ᠲᠦᠷᠦ ᠶᠢᠨ ᠵᠥᠪᠯᠡᠯᠭᠡᠨ ᠤ ᠲᠣᠭᠲᠠᠬᠤ | ᠰᠢᠶᠠᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯᠳᠤᠭᠠᠨ ᠤ ᠤᠯᠤᠰ ᠲᠦᠷᠦ ᠶᠢᠨ ᠰᠢᠢᠳᠪᠦᠷᠢ ᠶᠢ | ᠪᠠᠲᠤᠯᠠᠪᠠ᠃ | ᠶᠡᠭᠡ ᠬᠤᠷᠠᠯ ᠤᠨ ᠡᠴᠦᠰ ᠤᠨ ᠲᠡᠭᠦᠰᠬᠦ ᠶᠣᠰᠣᠯᠠᠯ ᠶᠠᠪᠤᠭᠳᠠᠵᠤ᠂ ᠸᠠᠩ ᠮᠢᠩ ᠲᠡᠭᠦᠰᠬᠦ ᠶᠠᠷᠢᠶ᠎ᠠ ᠲᠠᠯᠪᠢᠪᠠ᠃ | ᠲᠡᠷᠡ ᠬᠡᠯᠡᠬᠦ ᠳᠡᠭᠡᠨ᠂ ᠲᠣᠰ ᠤᠳᠠᠭᠠᠨ ᠤ ᠬᠤᠷᠠᠯᠳᠤᠭᠠᠨ ᠨᠢ ᠪᠣᠷᠣᠭᠵᠢᠭᠤᠨ ᠪᠥᠭᠡᠳ ᠬᠥᠭᠵᠢᠶᠡᠨᠲᠡᠢ ᠶᠠᠪᠤᠭᠳᠠᠵᠤ᠂ | ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠶ ᠶᠠᠪᠤᠭᠳᠠᠵᠤ᠂ ᠡᠶ᠎ᠡ ᠵᠣᠬᠢᠴᠠᠯ ᠲᠠᠢ ᠪᠥᠭᠡᠳ ᠢᠯᠭᠤᠮ | ᠤᠷᠤᠭᠰᠢᠲᠠᠢ ᠶᠠᠪᠤᠭᠳᠠᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠭᠦᠷᠦᠭᠰᠡᠨ ᠪᠠᠶᠢᠨ᠎ᠠ ᠭᠡᠵᠡᠢ᠃ ᠬᠤᠷᠠᠯ ᠤᠨ | ᠬᠤᠭᠤᠴᠠᠭᠠᠨ ᠳᠤ᠂ ᠪᠦᠬᠦ ᠭᠡᠰᠢᠭᠦᠳ ᠬᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠬᠢᠯᠭᠡ ᠪᠠ | ᠬᠤᠷᠴᠠ ᠴᠢᠩᠭ᠎ᠠ ᠬᠠᠷᠢᠭᠤᠴᠠᠯᠭ᠎ᠠ ᠪᠠᠷ᠂ ᠥᠭᠡᠷᠡᠴᠢᠯᠡᠯᠲᠡ ᠬᠥᠭᠵᠢᠯᠲᠡ ᠶᠢᠨ ᠲᠥᠯᠥᠭᠡ ᠰᠣᠳᠣ ᠮᠡᠷᠭᠡᠨ ᠦᠭᠡ | ᠬᠡᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠪᠣᠳᠠᠲᠠᠢ ᠶᠢ ᠡᠷᠬᠢᠮᠯᠡᠬᠦ ᠠᠷᠭ᠎ᠠ ᠪᠣᠳᠣᠯᠭ᠎ᠠ ᠳᠡᠪᠰᠢᠭᠦᠯᠵᠦ᠂ | ᠮᠠᠰᠢ ᠤᠯᠠᠨ ᠳᠡᠭᠡᠳᠦ ᠲᠦᠪᠰᠢᠨ ᠲᠠᠢ᠂ ᠭᠦᠨᠴᠡ ᠲᠠᠢ᠂ ᠬᠠᠯᠠᠭᠤᠨ ᠳᠤᠯᠠᠭᠠᠨ ᠰᠡᠳᠬᠢᠯᠭᠡ ᠲᠠᠢ ᠦᠨᠡᠨ ᠮᠡᠳᠡᠯᠭᠡ | ᠨᠡᠪᠲᠡᠷᠬᠡᠢ ᠦᠵᠡᠯᠲᠡ ᠶᠢ ᠳᠤᠷᠠᠳᠴᠤ᠂ ᠶᠡᠭᠡ ᠲᠠᠯ᠎ᠠ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ | ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠬᠤ ᠤᠯᠤᠰ ᠲᠦᠷᠦ ᠶᠢᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂ | ᠴᠤᠭ ᠪᠠᠳᠠᠷᠠᠩᠭᠤᠢ ᠥᠭᠡᠳᠡᠯᠡᠨ ᠲᠠᠪᠰᠢᠬᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠳᠤ ᠪᠠᠶᠢᠪᠠᠰᠤ ᠵᠣᠬᠢᠬᠤ | ᠪᠠᠶᠢᠷᠢᠰᠢᠯ ᠤᠨ ᠬᠡᠪ ᠨᠠᠮᠪᠠ ᠶᠢ ᠢᠯᠡᠷᠡᠭᠦᠯᠪᠡ᠃ | ᠸᠠᠩ ᠮᠢᠩ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ | ᠪᠦᠬᠦᠳᠡ ᠬᠤᠷᠠᠯ ᠪᠣᠯᠣᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠲᠠᠪᠤᠨ ᠶᠡᠭᠡ ᠭᠠᠷᠳᠠᠴᠠ︾ ᠶᠢᠨ | ᠠᠵᠢᠯ ᠤᠨ ᠰᠡᠳᠬᠢᠴᠡ ᠶᠢ ᠲᠣᠭᠲᠠᠭᠠᠵᠤ᠂ ︽ᠲᠠᠪᠤᠨ ᠲᠠᠷᠢᠶ᠎ᠠ︾᠂ ︽ᠬᠤᠶᠠᠷ ᠳᠠᠶᠢᠴᠢᠯᠠᠯᠲᠠ︾᠂ ︽ᠨᠢᠭᠡ | ᠲᠣᠭᠤᠷᠢᠭ︾ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠲᠣᠭᠲᠠᠭᠠᠵᠤ᠂ ᠮᠠᠨ ᠤ ᠰᠢᠶᠠᠨ ᠤ ᠠᠵᠤ ᠠᠬᠤᠢ | ᠨᠡᠶᠢᠭᠡᠮ ᠤᠨ ᠰᠢᠨ᠎ᠡ ᠨᠢᠭᠡ ᠡᠭᠡᠯᠵᠢ ᠶᠢᠨ ᠬᠥᠭᠵᠢᠯᠲᠡ ᠳᠤ ᠵᠠᠮ ᠱᠤᠭᠤᠮ ᠤᠨ ᠵᠢᠷᠤᠭ ᠲᠥᠯᠥᠪᠯᠡᠭᠡ ᠶᠢ ᠵᠢᠷᠤᠭᠯᠠᠵᠤ | ᠥᠭᠴᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶ᠎ᠠ ᠶᠢᠨ ᠤᠬᠠᠭᠠᠯᠠᠨ | ᠲᠥᠯᠥᠪᠯᠡᠭᠰᠡᠨ ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠤᠶᠤᠨ ᠤᠬᠠᠭᠠᠨ ᠪᠠ | ᠬᠦᠴᠦᠨ ᠴᠢᠳᠠᠯ ᠢᠶᠠᠨ ᠰᠢᠶᠠᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠳᠡᠭᠡᠷ᠎ᠡ | ᠳᠡᠭᠡᠳᠦ ᠬᠡᠮᠵᠢᠶ᠎ᠡ ᠪᠠᠷ ᠨᠢᠭᠲᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠲᠠᠢ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠶᠡᠭᠡ ᠲᠠᠯ᠎ᠠ ᠳᠤ ᠠᠭᠤᠰᠤᠯᠴᠠᠬᠤ ᠳᠤᠮᠳᠠ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠣᠭᠲᠠᠭᠰᠠᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠲᠣᠭᠲᠠᠬᠤ ᠶᠢ ᠲᠦᠷᠭᠡᠳᠬᠡᠨ ᠪᠠᠶᠢᠭᠤᠯᠬᠤ ᠶᠢ ᠠᠬᠢᠭᠤᠯᠬᠤ ᠳᠤ ᠤᠯᠤᠰ ᠲᠦᠷᠦ ᠶᠢᠨ | ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠨ᠎ᠡ ᠭᠡᠪᠡ᠃ | |