ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/1/7
      1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠶᠦᠨ ᠵᠦᠩ ᠰᠣᠶᠣᠯ ᠤᠨ ᠣᠷᠳᠣᠨ ᠳᠤ ᠢᠯᠠᠯᠲᠠ ᠲᠠᠢ ᠪᠠᠷ ᠲᠡᠭᠦᠰᠪᠡ᠃      ᠶᠡᠭᠡ ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 187 ᠬᠥᠮᠥᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 155 ᠬᠥᠮᠥᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠵᠡᠢ᠃      ᠶᠡᠭᠡ ᠬᠤᠷᠠᠯ ᠳᠤ ᠣᠷᠣᠯᠴᠠᠭᠰᠠᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠲᠤ᠂ ᠸᠠᠩ ᠳ᠋ᠦᠩ ᠱᠧᠩ᠂ ᠰᠦᠨ ᠰᠢᠶᠦ᠋ᠨ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠬᠦ ᠪᠦᠷᠢᠯᠳᠦᠭᠦᠨ ᠪᠤᠢ᠃ᠦᠳᠡ ᠶᠢᠨ ᠬᠤᠶᠢᠨᠠᠬᠢ 3 ᠴᠠᠭ ᠲᠤ᠂ ᠶᠡᠭᠡ ᠬᠤᠷᠠᠯ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠢᠪᠡ᠃ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠸᠠᠩ ᠳ᠋ᠦᠩ ᠱᠧᠩ ᠡᠷᠬᠢᠯᠡᠪᠡ᠃      ᠶᠡᠭᠡ ᠬᠤᠷᠠᠯ ᠤᠨ ᠡᠴᠦᠰ ᠲᠤ ᠲᠡᠭᠦᠰᠬᠦ ᠶᠣᠰᠣᠯᠠᠯ ᠶᠠᠪᠤᠭᠳᠠᠵᠤ᠂ ᠰᠦᠨ ᠰᠢᠶᠦ᠋ᠨ ᠲᠡᠭᠦᠰᠬᠦ ᠶᠠᠷᠢᠶ᠎ᠠ ᠲᠠᠯᠪᠢᠪᠠ᠃ ᠲᠡᠷᠡ᠂ ᠲᠤᠰ ᠤᠳᠠᠭ᠎ᠠ ᠶᠢᠨ ᠬᠤᠷᠠᠯ ᠳᠤ ᠪᠦᠬᠦ ᠲᠥᠯᠥᠭᠡᠯᠡᠭᠴᠢᠳ ᠤᠨ ᠤᠶᠤᠨ ᠤᠬᠠᠭᠠᠨ ᠪᠣᠯᠣᠨ ᠬᠦᠴᠦ ᠬᠥᠳᠡᠯᠮᠦᠷᠢ ᠶᠢ ᠨᠢᠭᠲᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠢᠴᠡᠳ ᠢᠯᠡᠷᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠶᠢ ᠢᠯᠡᠷᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠠᠰᠢᠭ ᠲᠤᠰᠠ ᠶᠢ ᠲᠥᠯᠥᠭᠡᠯᠡᠵᠦ᠂ ᠪᠦᠬᠦ ᠰᠢᠶᠠᠨ ᠤ ᠠᠷᠠᠳ ᠲᠦᠮᠡᠨ ᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠲᠤᠰᠬᠠᠵᠠᠢ᠃ ᠬᠤᠷᠠᠯ ᠤᠨ ᠬᠤᠭᠤᠴᠠᠭᠠᠨ ᠳᠤ ᠂ 187 ᠲᠥᠯᠥᠭᠡᠯᠡᠭᠴᠢ ᠬᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠬᠢᠯᠭᠡ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠵᠡᠨ ᠬᠥᠮᠥᠨ ᠤ ᠵᠣᠷᠢᠭ ᠰᠠᠨᠠᠭ᠎ᠠ  ᠪᠠᠷ ᠢᠯᠡᠳᠬᠡᠯ ᠢ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠢᠨᠠᠨ ᠵᠥᠪᠯᠡᠵᠦ᠂ ᠰᠣᠩᠭᠤᠭᠤᠯᠢ ᠳᠤ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠪᠠᠷ ᠣᠷᠣᠯᠴᠠᠵᠤ᠂ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠠᠷᠠᠳᠴᠢᠯᠠᠯ ᠤᠨ ᠡᠷᠬᠡ ᠪᠠᠨ ᠲᠥᠪ ᠴᠢᠩᠭ᠎ᠠ ᠪᠠᠷ ᠬᠡᠷᠡᠭᠵᠢᠭᠦᠯᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠵᠦ᠂ ᠮᠠᠰᠢ ᠤᠯᠠᠨ ᠦᠨᠡᠨ ᠮᠡᠳᠡᠯᠭᠡ ᠨᠡᠪᠲᠡᠷᠬᠡᠢ ᠦᠵᠡᠯᠲᠡ ᠪᠠᠨ ᠳᠤᠷᠠᠳᠴᠤ᠂ ᠥᠨᠳᠥᠷ ᠲᠦᠪᠰᠢᠨ ᠲᠠᠢ᠂ ᠬᠦᠨᠳᠦ ᠲᠠᠢ ᠰᠠᠨᠠᠯ ᠰᠠᠨᠠᠭᠤᠯᠭ᠎ᠠ ᠳᠤᠷᠠᠳᠴᠤ᠂ ᠠᠷᠠᠳ ᠤᠨ ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠠᠷᠠᠳ ᠤᠨ ᠲᠥᠯᠥᠭᠡ ᠦᠢᠯᠡᠴᠢᠯᠡᠬᠦ ᠳᠡᠭᠡᠳᠦ ᠬᠡᠮᠵᠢᠶᠡᠨ ᠤ ᠤᠬᠠᠮᠰᠠᠷ ᠪᠣᠯᠣᠨ ᠬᠥᠭᠵᠢᠯᠲᠡ ᠶᠢ ᠪᠤᠳᠤᠬᠤ᠂ ᠠᠷᠠᠳ ᠤᠨ ᠠᠮᠢᠳᠤᠷᠠᠯ ᠢ ᠪᠤᠳᠤᠬᠤ ᠬᠠᠷᠢᠭᠤᠴᠠᠯᠭᠠᠲᠤ ᠰᠡᠳᠬᠢᠯᠭᠡ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ ᠪᠦᠬᠦᠶᠢᠯᠡ ᠬᠤᠷᠠᠯ ᠤᠨ ᠵᠥᠪᠯᠡᠬᠦ ᠵᠦᠢᠯ ᠤᠨ ᠵᠣᠬᠢᠶᠠᠨ ᠪᠠᠶᠢᠭᠤᠯᠤᠯᠲᠠ ᠨᠢᠭᠲᠠ ᠴᠢᠩᠭ᠎ᠠ᠂ ᠬᠤᠷᠠᠯ ᠤᠨ ᠰᠤᠷᠲᠠᠯ ᠪᠣᠳᠠᠲᠠᠢ ᠶᠢ ᠡᠷᠬᠢᠮᠯᠡᠵᠦ᠂ ᠬᠤᠷᠠᠯ ᠤᠨ ᠰᠠᠬᠢᠯᠭ᠎ᠠ ᠪᠠᠲᠤ ᠨᠢᠭᠲᠠ ᠴᠢᠩᠭ᠎ᠠ ᠪᠠᠶᠢᠵᠤ᠂ ᠶᠡᠭᠡ ᠬᠤᠷᠠᠯ ᠤᠨ ᠡᠯ᠎ᠡ ᠠᠵᠢᠯ ᠤᠨ ᠳᠤᠭᠤᠶᠢᠯᠠᠩ ᠦᠨᠡᠨ ᠰᠡᠳᠬᠢᠯ ᠠᠴᠠ ᠪᠠᠨ ᠪᠦᠯᠬᠦᠮᠳᠡᠵᠦ᠂ ᠨᠠᠷᠢᠨ ᠬᠢᠨᠠᠮᠠᠭᠠᠢ ᠬᠠᠷᠢᠭᠤᠴᠠᠵᠤ᠂ ᠨᠢᠭᠲᠠ ᠬᠠᠮᠵᠢᠯᠴᠠᠵᠤ᠂ ᠬᠤᠷᠠᠯ ᠤᠨ ᠤᠷᠤᠭᠰᠢᠲᠠᠢ ᠬᠤᠷᠠᠯᠳᠤᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠬᠤᠷᠠᠯ ᠠᠴᠠ ᠲᠤᠭ ᠢᠶᠠᠨ ᠥᠨᠳᠥᠷ ᠮᠠᠨᠳᠤᠭᠤᠯᠵᠤ᠂ ᠭᠤᠣᠯᠳᠠᠯᠭ᠎ᠠ ᠪᠠᠨ ᠬᠠᠮᠠᠭᠠᠯᠠᠬᠤ ᠤᠯᠤᠰ ᠲᠥᠷᠥ ᠶᠢᠨ ᠤᠬᠠᠮᠰᠠᠷ ᠢ ᠭᠠᠷᠭᠠᠵᠤ᠂ ᠬᠥᠭᠵᠢᠯᠲᠡ ᠪᠠᠨ ᠲᠦᠷᠭᠡᠳᠬᠡᠬᠦ ᠢᠯᠡ ᠲᠣᠳᠣ ᠭᠤᠣᠯ ᠰᠡᠳᠦᠪ ᠢ ᠭᠠᠷᠭᠠᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠢᠲᠡᠭᠡᠯ ᠵᠣᠷᠢᠭ ᠢ ᠬᠥᠪᠴᠢᠯᠡᠵᠦ᠂ ᠢᠷᠡᠭᠡᠳᠦᠢ ᠪᠠᠨ ᠬᠠᠮᠲᠤᠪᠠᠷ ᠴᠣᠭᠴᠠᠯᠠᠨ ᠪᠠᠶᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠬᠤᠷᠠᠯᠳᠤᠭᠤᠯᠪᠠ᠂ ᠡᠨᠡ ᠪᠣᠯ ᠨᠢᠭᠡ ᠤᠳᠠᠭ᠎ᠠ ᠶᠢᠨ ᠪᠦᠯᠬᠦᠮᠳᠡᠯ ᠠᠷᠠᠳᠴᠢᠯᠠᠯ ᠲᠠᠢ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠵᠠᠮ ᠨᠡᠭᠡᠭᠡᠨ ᠤᠷᠤᠭᠰᠢᠯᠠᠭᠰᠠᠨ ᠶᠡᠭᠡ ᠬᠤᠷᠠᠯ ᠪᠣᠯᠣᠨ᠎ᠠ᠂ ᠬᠤᠷᠠᠯ ᠤᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠨᠢ ᠯᠠᠪᠲᠠᠢ ᠪᠦᠬᠦ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠢ ᠤᠷᠮᠠᠰᠢᠭᠤᠯᠤᠨ ᠵᠣᠷᠢᠭᠵᠢᠭᠤᠯᠵᠤ᠂ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ᠂ ᠡᠷᠡᠮᠡᠬᠡᠶᠢᠯᠡᠨ ᠤᠷᠤᠭᠰᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠣᠭᠲᠠᠬᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠢᠳᠡᠪᠬᠢᠲᠡᠢ ᠣᠷᠣᠯᠴᠠᠭᠤᠯᠬᠤ ᠪᠣᠯᠣᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1