ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠢᠷᠢᠰ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠤᠷᠠᠯᠳᠤᠭᠤᠯᠤᠭᠰᠠᠨ | ᠴᠦᠯᠯᠡᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠭᠤᠷᠪᠠᠨ ᠤᠮᠠᠷᠠᠲᠤ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ | ᠲᠤᠬᠠᠢ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ ᠲᠣᠭᠲᠠᠬᠤ ᠰᠢᠶᠠᠨ ᠤ ᠠᠷᠠᠳ ᠤᠨ ᠰᠢᠭᠦᠬᠦ ᠬᠤᠷᠢᠶ᠎ᠠ ︽ᠬᠠᠮᠤᠭ ᠤᠨ ᠴᠢᠩᠭ᠎ᠠ ᠳᠦᠷᠢᠮ ᠬᠠᠮᠤᠭ ᠤᠨ | ᠴᠢᠩᠭ᠎ᠠ ᠬᠠᠤᠯᠢ ᠪᠠᠷ ᠵᠠᠰᠠᠬᠤ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ︾ ᠡᠨᠡᠬᠦ ᠠᠵᠢᠯ ᠤᠨ | ᠭᠤᠣᠯ ᠱᠤᠭᠤᠮ ᠤᠨ ᠲᠣᠭᠤᠷᠢᠨ ᠳᠤ᠂ ᠰᠡᠷᠭᠦᠭᠡᠯᠲᠡ ᠶᠢᠨ ᠴᠢᠨᠠᠷᠲᠠᠢ ᠬᠠᠤᠯᠢ ᠴᠠᠭᠠᠵᠠ ᠶᠢᠨ ᠣᠶᠢᠯᠠᠭᠠᠭᠳᠠᠬᠤᠨ ᠢ | ᠠᠰᠢᠭᠯᠠᠨ ᠬᠤᠬᠢᠷᠠᠯ ᠳᠤ ᠤᠴᠠᠷᠠᠭᠰᠠᠨ ᠠᠮᠢ ᠠᠬᠤᠢ ᠶᠢ ᠰᠡᠷᠭᠦᠭᠡᠬᠦ ᠶᠢ ᠢᠳᠡᠪᠬᠢᠲᠡᠢ ᠬᠠᠶᠢᠨ ᠰᠦᠪᠡᠭᠴᠢᠯᠡᠪᠡ᠃ | | | | | | | | 10 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠲᠣᠭᠲᠠᠬᠤ ᠰᠢᠶᠠᠨ ᠤ ᠠᠷᠠᠳ ᠤᠨ | ᠰᠢᠭᠦᠬᠦ ᠬᠤᠷᠢᠶ᠎ᠠ ᠰᠢᠶᠠ ᠲᠠᠨ ᠲᠣᠰᠬᠤᠨ ᠤ ᠬᠠᠲᠤᠨ ᠭᠤᠣᠯ ᠤᠨ ᠬᠥᠪᠡᠭᠡᠨ ᠳᠤ ︽ᠥᠪᠥᠷ ᠮᠣᠩᠭᠤᠯ ᠤᠨ ᠣᠷᠴᠢᠨ | ᠠᠬᠤᠢ ᠶᠢᠨ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠭᠠᠵᠠᠷ︾ | ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ | | | | | | | | | ᠶᠣᠰᠣᠯᠠᠯ ᠳᠡᠭᠡᠷ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠬᠦᠷᠢᠶᠡᠨ ᠤ ᠡᠭᠦᠷᠭᠡ | ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ᠂ ᠡᠮᠬᠢ | ᠵᠢᠷᠤᠮ ᠲᠠᠢ ᠶᠠᠪᠤᠭᠤᠯᠬᠤ ᠶᠢ ᠪᠡᠶᠡᠯᠡᠭᠦᠯᠵᠦ᠂ ᠬᠠᠳᠤᠨ ᠭᠤᠣᠯ ᠤᠨ ᠤᠰᠤᠨ ᠤ ᠠᠮᠢᠳᠤ ᠪᠣᠳᠠᠰ ᠤᠨ ᠠᠮᠤᠷ ᠲᠦᠪᠰᠢᠨ | ᠪᠣᠯᠣᠨ ᠤᠰᠤᠨ ᠣᠷᠣᠨ ᠤ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠪᠠ᠃ | | | | | | | | ᠳᠠᠷᠠᠭ᠎ᠠ ᠨᠢ᠂ ᠲᠣᠭᠲᠠᠬᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠣᠭᠲᠠᠬᠤ | ᠰᠢᠶᠠᠨ ᠤ ᠠᠷᠠᠳ ᠤᠨ ᠰᠢᠭᠦᠬᠦ ᠬᠤᠷᠢᠶ᠎ᠠ ᠵᠡᠷᠭᠡ ᠵᠢᠷᠭᠤᠭᠠᠨ ᠨᠢᠭᠡᠴᠡ ᠶᠢᠨ ᠬᠤᠯᠪᠣᠭᠠᠲᠤ ᠬᠤᠷᠠᠯ ᠠᠴᠠ ︽︿ᠥᠪᠥᠷ | ᠮᠣᠩᠭᠤᠯ ᠤᠨ ᠣᠷᠴᠢᠨ ᠲᠣᠭᠤᠷᠢᠨ ᠤ ᠡᠬᠢ ᠪᠠᠶᠠᠯᠢᠭ ᠤᠨ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠰᠠᠭᠤᠷᠢᠨ﹀ ᠢ ᠬᠠᠮᠲᠤᠪᠠᠷ ᠪᠠᠶᠢᠭᠤᠯᠬᠤ ᠲᠤᠬᠠᠢ ᠪᠦᠳᠦᠭᠦᠪᠴᠢ ᠵᠥᠪᠯᠡᠯᠴᠡᠭᠡᠷ︾ ᠲᠤ ᠭᠠᠷ ᠤᠨ | ᠦᠰᠦᠭ ᠵᠢᠷᠤᠪᠠ᠃ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠥᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠡᠷᠭᠦᠭᠡᠯᠲᠡ ᠶᠢᠨ ᠴᠢᠨᠠᠷᠲᠠᠢ ᠬᠠᠤᠯᠢ ᠪᠠᠷᠢᠬᠤ ᠣᠨᠣᠯᠵᠢᠬᠤᠨ ᠢ ᠨᠠᠶᠢᠳᠠᠪᠤᠷᠢᠵᠢᠭᠤᠯᠤᠨ᠂ ᠠᠷᠠᠳ ᠤᠨ ᠰᠢᠭᠦᠬᠦ | ᠬᠤᠷᠢᠶ᠎ᠠ ᠬᠢᠭᠡᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠯᠴᠠᠭ᠎ᠠ ᠨᠡᠪᠲᠡᠷᠡᠯᠴᠡᠭᠡ ᠶᠢ ᠴᠢᠩᠭᠠᠳᠬᠠᠬᠤ ᠳᠤ ᠪᠠᠲᠤ | ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |