10 ᠳ᠋ᠤᠭᠠᠷ ᠰᠠᠷ᠎ᠠ ᠶᠢᠨ 16 ᠠᠴᠠ 17 ᠤ ᠡᠳᠦᠷ ᠪᠣᠯᠲᠠᠯ᠎ᠠ᠂ ᠠᠷᠪᠠᠨ ᠲᠠᠪᠤᠳᠤᠭᠠᠷ ᠬᠤᠭᠤᠴᠠᠭᠠᠨ ᠤ | ᠰᠢᠶᠠᠨ ᠤ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠳᠠᠭᠤᠰᠬᠠᠪᠠ᠃ | ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠲᠣᠬᠢᠷᠠᠭᠤᠯᠤᠯᠲᠠ ᠶᠢ | ᠦᠨᠳᠦᠰᠦᠯᠡᠨ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠳᠤ 3 ᠲᠣᠭᠤᠷᠢᠨ ᠪᠠᠶᠢᠴᠠᠭᠠᠬᠤ | ᠳᠤᠭᠤᠶᠢᠯᠠᠩ ᠲᠣᠮᠢᠯᠠᠵᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ᠂ | ᠰᠢᠶᠠᠨ ᠤ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠴᠡᠷᠢᠭ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠡᠭᠦᠷ᠂ ᠭᠦ᠋ ᠴᠧᠩ ᠪᠠᠯᠭᠠᠰᠤᠨ ᠤ ᠨᠠᠮ ᠤᠨ ᠬᠤᠷᠢᠶᠠᠨ ᠳᠤ | ᠪᠠᠶᠢᠩᠭᠤ ᠶᠢᠨ ᠲᠣᠭᠤᠷᠢᠨ ᠪᠠᠶᠢᠴᠠᠭᠠᠯᠲᠠ ᠬᠢᠬᠦ ᠶᠢᠨ ᠬᠠᠮᠲᠤ ᠭᠦ᠋ ᠴᠧᠩ ᠪᠠᠯᠭᠠᠰᠤᠨ ᠤ ᠨᠠᠮ ᠤᠨ ᠬᠤᠷᠢᠶᠠᠨ ᠤ | ᠬᠠᠷᠢᠶᠠᠨ ᠳᠠᠬᠢ 23 ᠵᠠᠰᠠᠭ ᠵᠠᠬᠢᠷᠭᠠᠨ ᠤ ᠲᠣᠰᠬᠤᠨ ᠳᠤ ︽ᠪᠠᠯᠭᠠᠰᠤ ᠲᠣᠰᠬᠤᠨ ᠢ ᠨᠢᠭᠡ ᠴᠤᠭᠴᠠᠵᠢᠭᠤᠯᠤᠨ | ᠪᠠᠶᠢᠴᠠᠭᠠᠬᠤ︾ ᠬᠡᠯᠪᠡᠷᠢ ᠪᠠᠷ ᠪᠠᠶᠢᠴᠠᠭᠠᠯᠳᠠ ᠦᠷᠨᠢᠭᠦᠯᠪᠡ᠃ | ᠲᠣᠭᠤᠷᠢᠨ ᠪᠠᠶᠢᠴᠠᠭᠠᠭᠳᠠᠵᠤ ᠪᠠᠶᠢᠭ᠎ᠠ 5 ᠨᠠᠮ ᠤᠨ ᠵᠣᠬᠢᠶᠠᠨ ᠪᠠᠶᠢᠭᠤᠯᠤᠯᠲᠠ ᠲᠤᠰ ᠲᠤᠰ ᠲᠣᠭᠤᠷᠢᠨ | ᠪᠠᠶᠢᠴᠠᠭᠠᠵᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠡᠮᠦᠨ᠎ᠡ᠂ ᠡᠯ᠎ᠡ | ᠴᠠᠭᠳᠠᠨ ᠪᠠᠶᠢᠴᠠᠭᠠᠬᠤ ᠳᠤᠭᠤᠶᠢᠯᠠᠩ ᠤᠨ ᠬᠢᠨ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠴᠠᠭᠳᠠᠨ ᠪᠠᠶᠢᠴᠠᠭᠠᠬᠤ ᠡᠭᠦᠷᠭᠡ ᠪᠣᠯᠣᠨ ᠠᠵᠢᠯ ᠤᠨ | ᠲᠣᠬᠢᠷᠠᠭᠤᠯᠤᠯᠲᠠ ᠶᠢ ᠮᠡᠳᠡᠭᠳᠡᠪᠡ᠃ ᠬᠤᠷᠠᠯ ᠳᠡᠭᠡᠷ᠎ᠡ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ | ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠰᠠᠶᠢᠲᠤᠷ ᠬᠢᠬᠦ | ᠲᠤᠬᠠᠢ ᠱᠠᠭᠠᠷᠳᠠᠯᠭ᠎ᠠ ᠳᠤᠷᠠᠳᠴᠠᠢ᠃ | ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠭᠠᠵᠤ ᠭᠠᠷᠭᠠᠭᠰᠠᠨ ᠨᠢ᠂ ᠴᠠᠭᠳᠠᠨ | ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠡᠨᠡ ᠤᠳᠠᠭ᠎ᠠ ᠶᠢᠨ ᠴᠠᠭᠳᠠᠨ ᠪᠠᠶᠢᠴᠠᠭᠠᠯᠲᠠ ᠶᠢ | ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠱᠠᠯᠠᠪᠳᠠᠭᠤᠯᠤᠨ ᠨᠠᠶᠢᠳᠠᠪᠤᠷᠢᠵᠢᠭᠤᠯᠬᠤ᠂ ︽ᠬᠤᠶᠠᠷ ᠢ ᠬᠦᠷᠢᠶᠡᠯᠡᠬᠦ︾ ᠬᠦᠴᠦᠲᠡᠢ ᠠᠷᠭ᠎ᠠ ᠬᠡᠮᠵᠢᠶ᠎ᠡ ᠮᠥᠨ | ᠭᠡᠳᠡᠭ ᠢ ᠭᠦᠢᠴᠡᠳ ᠲᠠᠨᠢᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠤ | ᠲᠡᠰᠢ ᠭᠦᠨᠵᠡᠭᠡᠶᠢᠷᠡᠭᠦᠯᠬᠦ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ ᠤᠳᠤᠷᠢᠳᠬᠤ ᠪᠠᠭ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠬᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ | ᠡᠭᠦᠷᠭᠡᠯᠡᠨ ᠠᠵᠢᠯ ᠬᠢᠬᠦ ᠶᠢ ᠠᠬᠢᠭᠤᠯᠬᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠬᠦᠴᠦᠲᠡᠢ ᠠᠷᠭ᠎ᠠ ᠬᠡᠮᠵᠢᠶ᠎ᠡ ᠮᠥᠨ᠂ ᠴᠠᠭᠳᠠᠨ ᠪᠠᠶᠢᠴᠠᠭᠠᠭᠳᠠᠵᠤ ᠪᠠᠶᠢᠭ᠎ᠠ ᠨᠢᠭᠡᠴᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢᠶᠠᠨ ᠦᠨᠡᠨᠬᠦ | ᠴᠢᠩᠭᠠᠳᠬᠠᠬᠤ ᠬᠡᠷᠡᠭᠲᠡᠢ ᠭᠡᠵᠡᠢ᠃ | ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠢᠬᠤᠯᠠᠴᠢᠯᠠᠬᠤ ᠳᠠᠭᠠᠨ᠂ ᠴᠠᠭᠳᠠᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠣᠪᠣᠷ ᠢᠶᠠᠨ ᠲᠥᠪ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠦᠨ᠂ ᠤᠯᠤᠰ ᠲᠥᠷᠥ ᠶᠢᠨ ᠳᠡᠭᠡᠳᠦ ᠬᠡᠮᠵᠢᠶᠡᠨ ᠠᠴᠠ ᠴᠠᠭᠳᠠᠨ ᠪᠠᠶᠢᠴᠠᠭᠠᠬᠤ ᠠᠵᠢᠯ ᠢ ᠲᠠᠨᠢᠨ | ᠡᠵᠡᠮᠳᠡᠵᠦ᠂ ᠴᠠᠭᠳᠠᠨ ᠪᠠᠶᠢᠴᠠᠭᠠᠬᠤ ᠳᠤᠭᠤᠶᠢᠯᠠᠩ ᠤᠨ ︽ᠠᠶᠤᠬᠤ᠂ ᠵᠠᠶᠢᠯᠠᠬᠤ᠂ ᠲᠣᠭᠤᠷᠢᠨ ᠡᠷᠭᠢᠬᠦ︾ | ᠰᠡᠳᠬᠢᠴᠡ ᠶᠢ ᠠᠷᠢᠯᠭᠠᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠭᠥᠯᠢᠶᠡᠨ᠂ ᠴᠠᠭᠳᠠᠨ ᠪᠠᠶᠢᠴᠠᠭᠠᠬᠤ | ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠣᠶᠢᠯᠠᠭᠠᠨ ᠬᠠᠮᠵᠢᠯᠴᠠᠵᠤ᠂ ᠳᠡᠮᠵᠢᠵᠦ᠂ ᠠᠳᠠᠯᠢ ᠴᠢᠭᠯᠡᠯ ᠳᠤ | ᠬᠦᠴᠦᠯᠡᠵᠦ᠂ ᠠᠳᠠᠯᠢ ᠰᠡᠳᠦᠪ ᠲᠤ ᠬᠠᠮᠲᠤ ᠪᠠᠷ ᠬᠠᠷᠢᠭᠤᠯᠲᠠ ᠥᠭᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃ | ᠵᠠᠬᠢᠳᠠᠯ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠠᠰᠠᠭᠤᠳᠠᠯ ᠢ ᠨᠢᠭᠤᠵᠤ ᠳᠠᠯᠳᠠᠯᠠᠬᠤ ᠦᠭᠡᠢ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠦᠭᠡᠢ᠂ ᠦᠨᠡᠨ ᠠᠴᠠ | ᠵᠥᠪ ᠢ ᠡᠷᠢᠵᠦ᠂ ᠦᠨᠡᠨᠴᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠠᠵᠢᠯ ᠢᠶᠠᠨ ᠮᠡᠳᠡᠭᠦᠯᠵᠦ᠂ | ᠠᠰᠠᠭᠤᠳᠠᠯ ᠢᠶᠠᠨ ᠲᠤᠰᠬᠠᠵᠤ᠂ ᠪᠠᠶᠢᠳᠠᠯ ᠢᠶᠠᠨ ᠲᠣᠳᠣᠷᠬᠠᠶᠢᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠦᠨᠡᠨ ᠪᠠᠶᠢᠳᠠᠯ ᠢ ᠣᠶᠢᠯᠠᠭᠠᠵᠤ᠂ ᠪᠣᠳᠠᠲᠠᠢ ᠠᠰᠠᠭᠤᠳᠠᠯ ᠢ ᠢᠯᠡᠷᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃ | ᠠᠵᠢᠯ ᠤᠨ ᠲᠣᠬᠢᠷᠠᠭᠤᠯᠤᠯᠲᠠ ᠶᠢᠨ ᠶᠣᠰᠣᠭᠠᠷ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠤᠬᠠᠢ ᠶᠢᠨ ᠲᠠᠯᠠᠪᠠᠶ ᠶᠢᠨ ᠲᠣᠭᠤᠷᠢᠨ ᠪᠠᠶᠢᠴᠠᠭᠠᠬᠤ ᠴᠠᠭ ᠨᠢ 50 ᠡᠳᠦᠷ᠂ ᠡᠨᠡ | ᠬᠤᠭᠤᠴᠠᠭᠠᠨ ᠳᠤ ᠲᠤᠰᠬᠠᠢ ᠵᠠᠬᠢᠳᠠᠯ ᠰᠣᠷᠪᠤᠯᠵᠢᠯᠠᠭ᠎ᠠ ᠶᠢᠨ ᠵᠢᠵᠢᠭᠦᠷ ᠤᠨ ᠳ᠋ᠢᠶᠠᠩᠬᠤᠸᠠ᠂ ᠰᠢᠤᠳᠠᠨ ᠤ ᠵᠠᠬᠢᠳᠠᠯ ᠤᠨ | ᠬᠠᠶᠢᠷᠴᠠᠭ ᠭᠠᠷᠭᠠᠵᠤ᠂ ᠭᠤᠣᠯᠳᠠᠭᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠺᠠᠳ᠋ᠷ ᠤᠨ | ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠤᠯᠤᠰ | ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ | ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠪᠠ | ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ | ᠲᠤᠰᠬᠠᠯ ᠢ ᠭᠤᠣᠯᠳᠠᠯᠭ᠎ᠠ ᠲᠠᠢ ᠬᠦᠯᠢᠶᠡᠨ ᠠᠪᠴᠤ ᠰᠢᠢᠳᠪᠦᠷᠢᠯᠡᠨ᠎ᠡ᠃ ᠴᠠᠭᠳᠠᠨ ᠪᠠᠶᠢᠴᠠᠭᠠᠬᠤ ᠶᠢᠨ ᠬᠦᠯᠢᠶᠡᠨ | ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ | ᠲᠣᠭᠲᠠᠭᠠᠯ ᠶᠣᠰᠣᠭᠠᠷ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠪᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠦᠨ᠎ᠡ᠃ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ | ᠠᠪᠴᠤ ᠰᠢᠢᠳᠪᠦᠷᠢᠯᠡᠬᠦ ᠴᠠᠭ ᠨᠢ 2023 ᠣᠨ ᠤ 12 ᠳ᠋ᠤᠭᠠᠷ ᠰᠠᠷ᠎ᠠ ᠶᠢᠨ 1 ᠤ ᠡᠳᠦᠷ ᠪᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |