ᠲᠣᠭᠲᠠᠬᠤ ᠰᠢᠶᠠᠨ ᠤ ᠬᠤᠤ ᠵᠢᠶᠠ ᠶᠣᠣ ᠲᠣᠰᠬᠤᠨ᠄ ᠪᠣᠳᠠᠲᠤ ᠪᠠᠶᠢᠳᠠᠯ ᠳᠤ ᠰᠠᠭᠤᠷᠢᠯᠠᠵᠤ᠂ ᠠᠷᠠᠳ ᠤᠨ ᠲᠥᠯᠥᠭᠡ ᠯᠠᠪᠳᠠᠭᠤᠨ ᠪᠠᠲᠤᠲᠠᠢ ᠪᠣᠳᠠᠲᠠᠢ ᠠᠵᠢᠯ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/10/30
      ᠲᠣᠭᠲᠠᠬᠤ ᠰᠢᠶᠠᠨ ᠤ ᠬᠠᠳᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ ᠬᠤᠤ ᠵᠢᠶᠠ ᠶᠣᠣ ᠲᠣᠰᠬᠤᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠳᠤᠮᠳᠠ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠢ ᠬᠠᠷᠢᠭᠤᠯᠲᠠ ᠥᠭᠴᠦ᠂ ᠪᠦᠬᠦ ᠲᠣᠰᠬᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠪᠣᠳᠠᠲᠠᠢ ᠶᠠᠪᠤᠳᠠᠯ ᠳᠤ ᠨᠠᠶᠢᠳᠠᠪᠤᠷᠢᠵᠢᠭᠤᠯᠤᠨ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠡᠭᠡᠷ᠎ᠡ ᠦᠷᠭᠦᠯᠵᠢᠯᠡᠨ ᠬᠦᠴᠦᠯᠡᠵᠦ᠂ ᠤᠯᠠᠨ ᠲᠦᠮᠡᠨ ᠤ ︽ᠪᠠᠴᠢᠮ ᠬᠦᠴᠢᠷ ᠬᠦᠴᠢᠷ ᠵᠣᠪᠠᠭᠤᠷᠢ︾  ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠢ ᠠᠬᠢᠭᠤᠯᠪᠠ᠃
     ᠣᠶᠢᠷ᠎ᠠ ᠳᠤ᠂ ᠰᠤᠷᠪᠤᠯᠵᠢᠯᠠᠭᠴᠢ ᠬᠤᠸ ᠵᠢᠶᠠ ᠶᠣᠣ ᠲᠣᠰᠬᠤᠨ ᠳᠤ ᠣᠶᠢᠯᠠᠭᠠᠭᠰᠠᠨ ᠢᠶᠠᠷ᠂ ᠡᠨᠡ ᠵᠢᠯ ᠬᠤᠷ᠎ᠠ ᠪᠣᠷᠣᠭᠠᠨ ᠡᠯᠪᠡᠭ᠂ ᠠᠭᠤᠷ ᠠᠮᠢᠰᠬᠤᠯ ᠲᠣᠬᠢᠷᠠᠮᠵᠢᠲᠠᠢ ᠪᠣᠯᠬᠤᠷ ᠦᠵᠦᠮ ᠡᠯᠪᠡᠭ ᠬᠤᠷᠢᠶᠠᠯᠲᠠ ᠣᠯᠵᠤ᠂ ᠡᠷᠦᠬᠡ ᠪᠦᠷᠢ ᠶᠢᠨ ᠭᠠᠷᠤᠯᠲᠠ ᠴᠥᠮ ᠬᠤᠶᠠᠷ ᠭᠤᠷᠪᠠᠨ ᠲᠦᠮᠡᠨ ᠵᠢᠩ ᠬᠦᠷᠴᠦ᠂ ᠦᠵᠦᠮ ᠨᠢ ᠬᠤᠯᠠ ᠵᠠᠮ ᠤᠨ ᠲᠡᠭᠡᠭᠡᠪᠦᠷᠢ ᠪᠠ ᠡᠳ᠋ ᠪᠠᠷᠠᠭᠠᠨ ᠤ ᠭᠦᠢᠯᠭᠡᠭᠡᠨ ᠳᠤ ᠲᠣᠬᠢᠷᠠᠬᠤ ᠦᠭᠡᠢ᠂ ᠪᠣᠷᠤᠯᠠᠭᠤᠯᠭ᠎ᠠ ᠶᠢᠨ ᠵᠠᠮ ᠨᠢ ᠬᠠᠷᠢᠴᠠᠩᠭᠤᠢ ᠪᠠᠷ ᠬᠢᠵᠠᠭᠠᠷ ᠲᠠᠢ ᠪᠠᠶᠢᠵᠤ᠂ ᠵᠥᠪᠬᠡᠨ ᠲᠣᠰ ᠭᠠᠵᠠᠷ ᠣᠷᠣᠨ ᠪᠠ ᠣᠶᠢᠷ᠎ᠠ ᠬᠠᠪᠢ ᠶᠢᠨ ᠵᠠᠷᠢᠮ ᠭᠠᠵᠠᠷ ᠣᠷᠣᠨ ᠳᠤ ᠯᠠ ᠬᠤᠳᠠᠯᠳᠤᠵᠤ ᠪᠣᠯᠣᠨ᠎ᠠ᠃ ᠲᠤᠬᠠᠢ ᠶᠢᠨ ᠭᠠᠵᠠᠷ ᠤᠨ ᠦᠵᠦᠮ ᠤᠨ ᠪᠣᠷᠤᠯᠠᠭᠤᠯᠭ᠎ᠠ ᠶᠢᠨ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠭᠰᠡᠨ ᠲᠤᠬᠠᠢ ᠲᠠᠷᠢᠶᠠᠴᠢᠨ ᠡᠷᠦᠬᠡ ᠴᠦ ᠭᠠᠴᠠᠭᠠᠨ ᠤ ᠠᠷᠠᠳ ᠤᠨ ᠵᠥᠪᠯᠡᠯ ᠪᠣᠯᠣᠨ ᠨᠡᠶᠢᠭᠡᠮ ᠤᠨ ᠡᠯ᠎ᠡ ᠡᠲᠡᠭᠡᠳ ᠠᠴᠠ ᠲᠠᠰᠤᠷᠠᠯᠲᠠ ᠦᠭᠡᠢ ᠲᠤᠰᠠᠯᠠᠮᠵᠢ ᠭᠤᠶᠣᠵᠠᠢ᠃
     ᠲᠣᠰᠬᠤᠨ ᠤ ᠠᠷᠠᠳ ᠢ ᠬᠠᠪᠰᠤᠷᠤᠨ ᠦᠵᠦᠮ ᠪᠣᠷᠣᠯᠠᠭᠤᠯᠬᠤ ᠶᠢᠨ ᠲᠥᠯᠥᠭᠡ᠂ ᠲᠣᠰᠬᠤᠨ ᠤ ᠨᠠᠮ ᠤᠨ ᠡᠭᠦᠷ ᠤᠨ ᠬᠢᠨ ᠵᠠᠭᠤᠴᠢᠯᠠᠭᠤᠷ ᠪᠣᠯᠣᠨ ᠨᠡᠶᠢᠲᠡ ᠶᠢᠨ ᠠᠰᠠᠷᠠᠮᠵᠢ ᠶᠢᠨ ᠨᠡᠶᠢᠭᠡᠮᠯᠢᠭ ᠲᠠᠢ ᠢᠳᠡᠪᠬᠢᠲᠡᠢ ᠪᠠᠷ ᠬᠠᠷᠢᠯᠴᠠᠵᠤ᠂ ᠲᠠᠷᠢᠶᠠᠴᠢᠨ ᠡᠷᠦᠬᠡ ᠶᠢ ᠬᠠᠪᠰᠤᠷᠤᠨ ᠨᠡᠶᠢᠲᠡ ᠶᠢᠨ ᠠᠰᠠᠷᠠᠮᠵᠢ ᠪᠠᠷ ᠲᠠᠷᠢᠶᠠᠴᠢᠳ ᠢ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠤᠯᠲᠠ ᠪᠠᠷ ᠳᠠᠮᠵᠢᠨ᠂ ᠭᠤᠷᠪᠠᠨ ᠲᠣᠰᠬᠤᠨ ᠤ ᠳᠤᠭᠤᠶᠢᠯᠠᠩ ᠤᠨ ᠳᠣᠲᠣᠷ᠎ᠠ ᠠᠴᠠ ᠨᠡᠶᠢᠲᠡ 15 ᠡᠷᠦᠬᠡ ᠬᠠᠷᠢᠴᠠᠩᠭᠤᠢ ᠪᠠᠷ ᠬᠦᠴᠢᠷᠳᠡᠯᠲᠡᠢ ᠲᠠᠷᠢᠶᠠᠴᠢᠨ ᠡᠷᠦᠬᠡ ᠶᠢ ᠰᠣᠩᠭᠤᠨ ᠭᠠᠷᠭᠠᠵᠤ᠂ 660 ᠠᠪᠳᠠᠷ᠎ᠠ᠂ ᠪᠠᠷᠤᠭ 6000 ᠭᠠᠷᠤᠢ ᠵᠢᠩ ᠲᠤᠰ ᠭᠠᠵᠠᠷ ᠤᠨ ᠦᠵᠦᠮ ᠢ ᠪᠦᠬᠦᠨ ᠢ ᠬᠤᠳᠠᠯᠳᠤᠨ ᠠᠪᠴᠤ ᠳᠠᠭᠤᠰᠬᠠᠪᠠ᠃ ᠲᠣᠰᠬᠤᠨ ᠤ ᠨᠠᠮ ᠤᠨ ᠡᠭᠦᠷ ᠪᠠᠰᠠ ᠪᠣᠷᠤᠯᠠᠭᠤᠯᠭ᠎ᠠ ᠮᠠᠭᠤᠳᠠᠭᠰᠠᠨ ᠦᠵᠦᠮ ᠢᠶᠠᠨ ᠠᠮᠲᠠᠲᠤ ᠦᠵᠦᠮ ᠤᠨ ᠠᠷᠢᠬᠢ ᠪᠣᠯᠭᠠᠨ ᠪᠣᠯᠪᠠᠰᠤᠷᠠᠭᠤᠯᠵᠤ᠂ ᠲᠣᠰᠬᠤᠨ ᠤ ᠠᠷᠠᠳ ᠲᠤ ᠰᠢᠨ᠎ᠡ ᠪᠣᠷᠤᠯᠠᠭᠤᠯᠭ᠎ᠠ ᠶᠢᠨ ᠵᠠᠮ ᠢ ᠨᠡᠮᠡᠵᠦ ᠥᠭᠴᠡᠢ᠃ ᠭᠠᠴᠠᠭᠠᠨ ᠤ ᠠᠷᠠᠳ ᠤᠨ ᠵᠥᠪᠯᠡᠯ ᠪᠠᠰᠠ ᠬᠦᠢᠲᠡᠨ ᠬᠥᠮᠥᠷᠭᠡ ᠲᠠᠢ ᠬᠠᠷᠢᠯᠴᠠᠵᠤ᠂ ᠬᠡᠰᠡᠭ ᠦᠵᠦᠮ ᠢ ᠬᠦᠢᠲᠡᠨ ᠢᠶᠠᠷ ᠬᠠᠳᠠᠭᠠᠯᠠᠵᠤ᠂ ᠦᠵᠦᠮ ᠬᠠᠳᠠᠭᠠᠯᠠᠬᠤ ᠬᠤᠭᠤᠴᠠᠭ᠎ᠠ ᠶᠢ ᠤᠷᠲᠤᠳᠬᠠᠪᠠ᠃ ᠡᠭᠦᠨ ᠠᠴᠠ ᠭᠠᠳᠠᠨ᠎ᠠ᠂ ᠬᠤᠸ ᠵᠢᠶᠠ ᠶᠣᠣ ᠲᠣᠰᠬᠤᠨ ᠤ ᠨᠠᠮ ᠤᠨ ᠡᠭᠦᠷ ᠪᠠᠰᠠ ᠲᠤᠬᠠᠢ ᠶᠢᠨ ᠭᠠᠵᠠᠷ ᠤᠨ ᠲᠠᠷᠢᠶᠠᠴᠢᠨ ᠠᠶᠢᠯ ᠤᠨ ᠵᠤᠭᠠᠴᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠪᠣᠳᠣᠯᠬᠢᠯᠠᠵᠤ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠺᠣᠮᠫᠠᠨᠢ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠲᠠᠷᠢᠶᠠᠴᠢᠨ ᠠᠶᠢᠯ ᠤᠨ ᠵᠤᠭᠠᠴᠠᠯ ᠳᠤ ᠠᠷᠢᠭᠤᠨ ᠴᠡᠪᠡᠷ᠂ ᠥᠨᠳᠥᠷ ᠪᠦᠲᠦᠮᠵᠢᠲᠡᠶ ᠡᠨᠧᠷᠭᠢ ᠬᠠᠩᠭᠠᠵᠤ᠂ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠲᠠᠷᠢᠶᠠᠴᠢᠨ ᠠᠶᠢᠯ ᠤᠨ ᠵᠤᠭᠠᠴᠠᠯ ᠤᠨ ᠠᠰᠢᠭ ᠣᠯᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠥᠭᠡᠳ ᠪᠠᠶᠢᠭᠠᠯᠢ ᠶᠢᠨ ᠰᠢᠲᠠᠮᠠᠬᠠᠢ ᠬᠡᠢ ᠶᠢᠨ ᠬᠡᠷᠡᠭᠯᠡᠯᠲᠡ ᠴᠦ ᠨᠠᠩ ᠠᠮᠤᠷ ᠲᠦᠪᠰᠢᠨ ᠢ ᠬᠠᠮᠠᠭᠠᠯᠠᠵᠤ᠂ ᠲᠠᠷᠢᠶᠠᠴᠢᠨ ᠠᠶᠢᠯ ᠤᠨ ᠵᠤᠭᠠᠴᠠᠯ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ ᠠᠪᠴᠢᠷᠠᠭᠰᠠᠨ ᠪᠠᠶᠢᠨ᠎ᠠ᠃
     ᠣᠶᠢᠯᠠᠭᠠᠭᠰᠠᠨ ᠢᠶᠠᠷ᠂ ᠡᠨᠡ ᠵᠢᠯ ᠬᠤᠸ ᠵᠢᠶᠠ ᠶᠣᠣ ᠲᠣᠰᠬᠤᠨ ᠤ ᠬᠤᠶᠠᠷ ᠵᠥᠪᠯᠡᠯ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠢ ᠬᠠᠪᠰᠤᠷᠤᠨ ᠡᠯ᠎ᠡ ᠵᠦᠢᠯ ᠤᠨ ᠠᠷᠭ᠎ᠠ ᠵᠠᠮ ᠢᠶᠠᠷ 9 ᠲᠦᠮᠡ ᠭᠠᠷᠤᠢ ᠵᠢᠩ ᠦᠵᠦᠮ ᠬᠤᠳᠠᠯᠳᠤᠵᠤ᠂ 100 ᠡᠷᠦᠬᠡ ᠳᠤ ᠬᠤᠯᠪᠣᠭᠳᠠᠨ᠂ ᠲᠣᠰᠬᠤᠨ ᠤ ᠠᠷᠠᠳ ᠲᠤ ᠨᠡᠶᠢᠲᠡ 50 ᠭᠠᠷᠤᠢ ᠲᠦᠮᠡᠨ ᠲᠥᠭᠦᠷᠢᠭ ᠤᠨ ᠣᠷᠣᠯᠭ᠎ᠠ ᠨᠡᠮᠡᠵᠦ ᠥᠭᠴᠡᠢ᠃ ︽ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠤᠯᠠᠨ ᠲᠦᠮᠡᠨ ᠤ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠮᠠᠨ ᠤ ᠲᠣᠰᠬᠤᠨ ᠤ ᠲᠤᠯᠭᠠᠭᠤᠷᠢ ᠠᠵᠤ ᠦᠢᠯᠡᠰ ᠤᠨ ᠦᠵᠦᠮ ᠤᠨ ᠠᠵᠢᠯ ᠤᠨ ᠲᠣᠭᠤᠷᠢᠨ ᠳᠤ ᠭᠤᠣᠯᠳᠠᠯᠭ᠎ᠠ ᠲᠠᠢ ᠬᠦᠴᠦ ᠣᠷᠣᠭᠤᠯᠵᠤ᠂ ᠲᠠᠷᠢᠮᠠᠯ ᠤᠨ ᠮᠡᠷᠭᠡᠵᠢᠯ᠂ ᠲᠦᠷᠦᠯ ᠲᠡᠮᠳᠡᠭ ᠢ ᠡᠭᠦᠳᠬᠦ ᠲᠠᠯ᠎ᠠ ᠪᠠᠷ ᠬᠦᠴᠦ ᠲᠠᠯᠪᠢᠬᠤ ᠶᠢᠨ ᠬᠠᠮᠲᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠷᠮᠠᠶᠢᠨ ᠠᠬᠢᠭᠤᠯᠵᠤ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠦᠲᠦᠭᠡᠨ ᠪᠠᠶᠢᠭᠤᠯᠤᠨ᠎ᠠ︾ ᠭᠡᠵᠦ ᠬᠤᠤ ᠵᠢᠶᠠ ᠶᠣᠣ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠴᠢᠨ ᠵᠢᠶᠠᠨ ᠬᠡᠯᠡᠪᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1