ᠬᠥᠬᠡᠬᠤᠲᠠ ᠶᠢᠨ ᠬᠢᠨᠢ ᠬᠠᠲᠤᠨ ᠭᠤᠣᠯ ᠤᠨ ᠰᠠᠶᠢᠷᠭᠠᠯ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/10/30
      ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠬᠥᠬᠡᠬᠤᠲᠠ ᠶᠢᠨ ᠬᠠᠲᠤᠨ ᠭᠤᠣᠯ ᠤᠨ ᠰᠠᠶᠢᠷᠭᠠᠯ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠵᠦ᠂ ᠡᠷᠭᠢ ᠳᠠᠭᠠᠤ ᠭᠠᠵᠠᠷ ᠣᠷᠣᠨ ᠳᠤ ᠬᠤᠯᠪᠣᠭᠳᠠᠭᠰᠠᠨ ᠰᠠᠭᠤᠭᠠᠯᠢ ᠠᠷᠠᠳ ᠢ ᠪᠦᠬᠦᠨ ᠢ ᠲᠣᠬᠢᠲᠠᠢ ᠲᠥᠪᠬᠢᠨᠡᠭᠦᠯᠦᠭᠰᠡᠨ ᠪᠠᠶᠢᠨ᠎ᠠ᠃
     ᠬᠠᠲᠤᠨ ᠭᠤᠣᠯ ᠤᠨ ᠰᠠᠶᠢᠷᠭᠠᠯ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠪᠣᠯ ᠰᠠᠶᠢᠷᠭᠠᠯ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠣᠯᠣᠨ᠎ᠠ᠂ ᠮᠥᠨᠴᠦ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠬᠠᠳᠤᠨ ᠭᠤᠣᠯ ᠤᠨ ᠰᠠᠪᠠ ᠭᠠᠵᠠᠷ ᠤᠨ ᠦᠶᠡᠷ ᠢ ᠰᠡᠷᠭᠡᠶᠢᠯᠡᠬᠦ ᠲᠥᠯᠦᠪᠵᠢᠭᠦᠯᠭᠡ︾ ᠶᠢᠨ ᠪᠣᠳᠠᠲᠠᠢ ᠨᠠᠶᠢᠳᠠᠪᠤᠷᠢᠵᠢᠭᠤᠯᠤᠯᠲᠠ ᠪᠣᠯᠣᠨ᠎ᠠ᠂ ᠨᠡᠩ ᠴᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ᠂ ᠬᠠᠳᠤᠨ ᠭᠤᠣᠯ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠶᠢ ᠪᠠᠲᠤᠯᠠᠬᠤ ᠴᠢᠬᠤᠯᠠ ᠪᠦᠬᠦᠢ ᠠᠷᠭ᠎ᠠ ᠵᠠᠮ ᠪᠣᠯᠣᠨ᠎ᠠ᠃
     ᠣᠶᠢᠯᠠᠭᠠᠭᠰᠠᠨ ᠢᠶᠠᠷ᠂ ᠬᠠᠲᠤᠨ ᠭᠤᠣᠯ ᠬᠥᠬᠡᠬᠤᠲᠠ ᠪᠠᠷ 102.5 ᠺᠢᠯᠣᠮᠧᠲᠷ ᠤᠷᠤᠰᠤᠨ ᠥᠩᠭᠡᠷᠡᠵᠦ᠂ ᠡᠭᠦᠨ ᠳᠤ ᠲᠣᠭᠲᠠᠬᠤ ᠰᠢᠶᠠᠨ ᠤ ᠬᠡᠰᠡᠭ 37.5 ᠺᠢᠯᠣᠮᠧᠲᠷ᠂ ᠴᠢᠩ ᠱᠦᠢ ᠾᠧ ᠰᠢᠶᠠᠨ ᠤ ᠬᠡᠰᠡᠭ 65 ᠺᠢᠯᠣᠮᠧᠲᠷ ᠪᠠᠶᠢᠨ᠎ᠠ᠃ ᠰᠠᠶᠢᠷᠭᠠᠯ ᠭᠠᠵᠠᠷ ᠤᠨ ᠶᠡᠷᠦᠩᠬᠡᠢ ᠲᠠᠯᠠᠪᠠᠶ ᠨᠢ 28424 ᠮᠦ ᠪᠠᠶᠢᠵᠤ᠂ ᠡᠭᠦᠨ ᠤ ᠳᠣᠲᠣᠷ᠎ᠠ ᠲᠤᠭᠳᠠᠬᠤ ᠰᠢᠶᠠᠨ 27794 ᠮᠦ᠂ ᠴᠢᠩ ᠱᠦᠢ ᠾᠧ ᠰᠢᠶᠠᠨ 630 ᠮᠦ ᠪᠠᠶᠢᠨ᠎ᠠ᠃ ᠬᠥᠬᠡᠬᠤᠲᠠ ᠶᠢᠨ ᠬᠠᠲᠤᠨ ᠭᠤᠣᠯ ᠤᠨ ᠰᠠᠶᠢᠷᠭᠠᠯ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠳᠤ ᠲᠣᠭᠲᠠᠬᠤ ᠰᠢᠶᠠᠨ ᠤ ᠬᠠᠲᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ ᠤᠨ 3 ᠵᠠᠰᠠᠭ ᠵᠠᠬᠢᠷᠭᠠᠨ ᠤ ᠲᠣᠰᠬᠤᠨ 6 ᠠᠶᠢᠯ ᠲᠣᠰᠬᠤᠨ ᠳᠤ ᠬᠤᠯᠪᠣᠭᠳᠠᠵᠤ᠂ ᠨᠡᠭᠦᠯᠭᠡᠨ ᠪᠠᠶᠢᠭᠤᠯᠬᠤ ᠴᠢᠬᠤᠯᠠᠲᠠᠢ ᠰᠠᠭᠤᠭᠠᠯᠢ ᠠᠷᠠᠳ 596 ᠡᠷᠦᠬᠡ 1489 ᠬᠥᠮᠥᠨ ᠪᠠᠶᠢᠨ᠎ᠠ᠃      2021 ᠣᠨ ᠳᠤ᠂ ᠥᠪᠡᠷᠲᠡᠭᠡᠨ ᠵᠠᠰᠠᠬᠤ ᠣᠷᠣᠨ ︽ᠬᠠᠲᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ᠢ ᠨᠡᠶᠢᠲᠡᠯᠡᠪᠡ᠃ ᠬᠥᠬᠡᠬᠤᠲᠠ ᠶᠢᠨ ᠬᠢᠨ ᠠᠵᠢᠯ ᠤᠨ ᠲᠥᠰᠥᠯ ᠢᠶᠠᠨ ᠵᠡᠷᠭᠡᠪᠡᠷ ᠲᠣᠭᠲᠠᠭᠠᠵᠤ᠂ ᠬᠠᠲᠤᠨ ᠭᠤᠣᠯ ᠤᠨ ᠰᠠᠶᠢᠷᠭᠠᠯ ᠤᠨ ᠣᠷᠣᠨ ᠢ ᠨᠡᠭᠦᠯᠭᠡᠨ ᠪᠠᠶᠢᠭᠤᠯᠬᠤ ᠠᠵᠢᠯ ᠢ ᠡᠬᠢᠯᠡᠭᠦᠯᠪᠡ᠃ ᠲᠣᠭᠲᠠᠬᠤ ᠰᠢᠶᠠᠨ ᠤ ᠬᠠᠲᠤᠨ ᠭᠤᠣᠯ ᠤᠨ ᠰᠠᠶᠢᠷᠭᠠᠯ ᠭᠠᠵᠠᠷ ᠤᠨ ᠰᠠᠭᠤᠭᠠᠯᠢ ᠠᠷᠠᠳ ᠤᠨ ᠨᠡᠭᠦᠯᠭᠡᠨ ᠪᠠᠶᠢᠭᠤᠯᠬᠤ ᠵᠦᠢᠯᠡᠰ ᠤᠨ ᠶᠡᠷᠦᠩᠬᠡᠢ ᠪᠡᠯᠡ ᠣᠷᠣᠭᠤᠯᠤᠯᠲᠠ ᠨᠢ 2.13 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠰᠠᠶᠢᠷᠭᠠᠯ ᠭᠠᠵᠠᠷ ᠤᠨ ᠳᠣᠲᠣᠷᠠᠬᠢ ᠣᠲᠣ ᠪᠠᠶᠢᠭ᠎ᠠ ᠭᠡᠷ ᠪᠠᠶᠢᠰᠢᠩ ᠵᠢᠴᠢ ᠳᠠᠭᠠᠯᠲᠠ ᠲᠥᠬᠦᠭᠡᠷᠦᠮᠵᠢ ᠶᠢ ᠨᠤᠷᠠᠭᠠᠬᠤ ᠨᠥᠬᠦᠪᠦᠷᠢ᠂ ᠭᠠᠵᠠᠷ ᠰᠢᠷᠣᠢ ᠶᠢ ᠲᠡᠭᠰᠢᠯᠡᠬᠦ ᠪᠠ ᠰᠢᠨ᠎ᠡ ᠪᠠᠷ ᠪᠠᠶᠢᠭᠤᠯᠬᠤ ᠲᠣᠭᠤᠷᠢᠭ ᠤᠨ ᠭᠠᠵᠠᠷ ᠰᠢᠷᠣᠢ ᠲᠠᠲᠠᠪᠤᠷᠢᠯᠠᠬᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠤᠰᠤ ᠴᠠᠬᠢᠯᠭᠠᠨ ᠤ ᠬᠡᠯᠬᠢᠶ᠎ᠡ ᠶᠢ ᠢᠵᠢ ᠪᠦᠷᠢᠳᠦᠭᠦᠯᠬᠦ ᠵᠡᠷᠭᠡ ᠪᠠᠭᠲᠠᠨ᠎ᠠ᠃ ᠰᠢᠨ᠎ᠡ ᠪᠠᠷ ᠪᠠᠶᠢᠭᠤᠯᠤᠭᠰᠠᠨ ᠲᠥᠪᠬᠢᠨᠡᠭᠦᠯᠬᠦ ᠣᠷᠣᠨ ᠤ ᠰᠣᠩᠭᠤᠨ ᠲᠣᠭᠲᠠᠭᠠᠭᠰᠠᠨ 3 ᠣᠷᠣᠨ ᠪᠠᠶᠢᠷᠢ ᠨᠢ ᠯᠢᠦ ᠯᠢᠨ ᠲᠠᠨ ᠲᠣᠰᠬᠤᠨ ᠤ ᠠᠷᠠᠳ ᠤᠨ ᠵᠥᠪᠯᠡᠯ ᠠᠴᠠ ᠤᠮᠠᠷᠠᠰᠢ᠂ ᠾᠧ ᠱᠠᠩ ᠶᠢᠩ ᠤᠨ ᠰᠢᠶᠠ ᠮᠠ ᠲᠠᠨ ᠲᠣᠰᠬᠤᠨ ᠪᠣᠯᠣᠨ ᠳ᠋ᠠ ᠾᠸᠢ ᠾᠧ ᠭᠤᠣᠯ ᠤᠨ ᠬᠠᠰᠢᠯᠭ᠎ᠠ ᠠᠴᠠ ᠪᠠᠷᠠᠭᠤᠨᠰᠢ᠂ ᠰᠢᠶᠠ ᠲᠠᠨ ᠲᠣᠰᠬᠤᠨ ᠤ ᠠᠷᠠᠳ ᠤᠨ ᠵᠥᠪᠯᠡᠯ ᠠᠴᠠ ᠵᠡᠭᠦᠨᠰᠢᠬᠢ ᠭᠠᠵᠠᠷ ᠲᠤ ᠪᠤᠢ᠃ ᠲᠥᠪᠬᠢᠨᠡᠭᠦᠯᠬᠦ ᠣᠷᠣᠨ ᠳᠤ ᠨᠡᠶᠢᠳᠡ 185.17 ᠮᠦ ᠭᠠᠵᠠᠷ ᠰᠢᠷᠣᠢ ᠶᠢ ᠲᠠᠲᠠᠪᠤᠷᠢᠯᠠᠵᠤ᠂ ᠨᠡᠶᠢᠳᠡ 86 ᠢᠵᠢ ᠭᠡᠷ ᠪᠠᠶᠢᠰᠢᠩ ᠪᠠᠷᠢᠪᠠ᠃      3 ᠵᠢᠯ ᠤᠨ ᠬᠤᠭᠤᠴᠠᠭᠠᠨ ᠳᠤ᠂ ᠨᠡᠶᠢᠲᠡ 596 ᠡᠷᠦᠬᠡ 1489 ᠬᠥᠮᠥᠨ᠂ 315 ᠬᠦᠷᠢᠶ᠎ᠡ ᠬᠠᠰᠢᠶ᠎ᠠ ᠶᠢ ᠨᠡᠭᠦᠯᠭᠡᠵᠦ᠂ ᠬᠠᠲᠤᠨ ᠭᠤᠣᠯ ᠤᠨ ᠰᠠᠶᠢᠷᠭᠠᠯ ᠣᠷᠣᠨ ᠤ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ ᠡᠭᠦᠷᠭᠡ ᠶᠢ ᠪᠦᠬᠦᠨ ᠢ ᠪᠡᠶᠡᠯᠡᠭᠦᠯᠪᠡ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1