ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠪᠥᠬᠦ ᠬᠦᠴᠦᠨ ᠢᠶᠠᠷ ᠢᠶᠠᠨ ᠴᠣᠬᠢᠯᠲᠠ ᠥᠭᠴᠦ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠲᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/10/30
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠳᠤ ᠢᠯᠳᠠᠷ ᠬᠠᠶᠠᠬᠤ ᠦᠭᠡᠢ᠂ ᠠᠮᠤᠷ ᠠᠮᠤᠭᠤᠯᠠᠩ ᠢ ᠰᠠᠬᠢᠨ ᠬᠠᠮᠠᠭᠠᠯᠠᠵᠤ᠂ ᠨᠡᠶᠢᠭᠡᠮ ᠤᠨ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠵᠦ᠂ ᠰᠢᠯᠢᠳᠡᠭ ᠰᠤᠷᠲᠠᠯ ᠢᠶᠠᠷ ᠬᠠᠷᠢᠶ᠎ᠠ ᠣᠷᠣᠨ ᠤ ᠳᠣᠲᠣᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ᠂ ᠥᠨᠳᠥᠷ ᠲᠦᠪᠰᠢᠨ ᠲᠠᠢ ᠬᠥᠭᠵᠢᠯᠲᠡ ᠶᠢ ᠪᠠᠲᠤᠯᠠᠵᠤ᠂ ᠤᠯᠠᠨ ᠲᠦᠮᠡᠨ ᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠠᠢ᠃
     10 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨᠡᠬᠢ 8 ᠴᠠᠭ ᠤᠨ ᠦᠶ᠎ᠡ ᠪᠠᠷ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠶᠦᠨ ᠵᠥᠩ ᠵᠠᠮ ᠤᠨ ᠲᠣᠮᠢᠯᠠᠭᠰᠠᠨ ᠰᠠᠯᠪᠤᠷᠢ ᠳ᠋ᠦ᠋ ᠣᠪᠣᠭᠲᠤ ᠶᠢᠨ ᠴᠠᠭᠳᠠᠭ᠎ᠠ ᠳᠤ ᠮᠡᠳᠡᠭᠦᠯᠦᠭᠰᠡᠨ ᠢᠶᠠᠷ᠂ ᠥᠪᠡᠷ ᠢ ᠪᠠᠨ ᠪᠤᠰᠤᠳ ᠲᠤ ᠵᠣᠳᠣᠭᠳᠠᠪᠠ ᠭᠡᠵᠡᠢ᠃ ᠴᠠᠭᠳᠠᠭᠠᠨ ᠤ ᠮᠡᠳᠡᠭᠡ ᠶᠢ ᠣᠯᠣᠭᠰᠠᠨ ᠤ ᠳᠠᠷᠠᠭ᠎ᠠ᠂ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠠᠩᠭᠢ ᠳᠠᠭᠠᠭᠤᠯᠤᠨ ᠲᠤᠬᠠᠢ ᠶᠢᠨ ᠲᠠᠯᠠᠪᠤᠷ ᠲᠤ ᠬᠢᠨᠠᠨ ᠬᠠᠷᠭᠤᠭᠤᠯᠤᠭᠰᠠᠨ ᠪᠠ ᠰᠢᠢᠳᠪᠦᠷᠢᠯᠡᠭᠰᠡᠨ ᠪᠠᠶᠢᠨ᠎ᠠ᠃
     10 ᠳ᠋ᠤᠭᠠᠷ ᠰᠠᠷ᠎ᠠ ᠶᠢᠨ 19 ᠤ ᠡᠳᠦᠷ ᠤᠨ 16 ᠴᠠᠭ ᠤᠨ ᠦᠶ᠎ᠡ ᠪᠠᠷ᠂  ᠰᠢᠨ᠎ᠡ ᠶᠢᠩᠽᠢ ᠲᠣᠮᠢᠯᠠᠭᠰᠠᠨ ᠰᠠᠯᠪᠤᠷᠢ ᠶᠢᠨ ᠬᠤᠲᠠ ᠶᠢᠨ ᠲᠣᠪᠴᠢᠶ᠎ᠠ ᠶᠢᠨ 110 ᠵᠢᠭᠠᠪᠤᠷᠢ ᠳᠤ ᠬᠡᠯᠡᠭᠰᠡᠨ᠄ ᠲᠣᠭᠲᠠᠬᠤ ᠰᠢᠶᠠᠨ ᠤ ᠵᠢᠶᠠ ᠾᠧ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ᠵᠠᠷᠢᠮ ᠬᠥᠮᠥᠨ ᠨᠡᠭᠦᠷᠡᠰᠦ ᠬᠤᠯᠠᠭᠠᠶᠢᠯᠠᠵᠤ ᠪᠠᠶᠢᠨ᠎ᠠ᠃ ᠴᠠᠭᠳᠠᠭ᠎ᠠ ᠶᠢᠨ ᠮᠡᠳᠡᠭᠡ ᠶᠢ ᠣᠯᠣᠭᠰᠠᠨ ᠤ ᠳᠠᠷᠠᠭ᠎ᠠ ᠠᠷᠠᠳ ᠤᠨ ᠴᠠᠭᠳᠠᠭ᠎ᠠ ᠲᠡᠷᠡ ᠳᠠᠷᠤᠢ ᠳᠤᠨᠢ ᠲᠤᠬᠠᠢ   ᠶᠢᠨ ᠲᠠᠯᠠᠪᠠᠶ ᠳᠤ ᠬᠦᠷᠴᠦ ᠬᠡᠷᠡᠭ ᠢ ᠰᠢᠢᠳᠪᠦᠷᠢᠯᠡᠵᠦ ᠠᠷᠠᠳ ᠤᠠᠯᠨ ᠤ ᠠᠮᠦᠷ ᠲᠦᠪᠰᠢᠨ ᠢ ᠪᠠᠳᠤᠯᠠᠪᠠ᠃
     10 ᠳ᠋ᠤᠭᠠᠷ ᠰᠠᠷ᠎ᠠ ᠶᠢᠨ 26 ᠤ ᠡᠳᠦᠷ᠂ ᠫᠢᠩ ᠠᠨ ᠵᠠᠮ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠠᠵᠢᠯ ᠤᠨ ᠳᠤᠮᠳᠠ ᠪᠠᠨ ᠣᠯᠵᠤ ᠮᠡᠳᠡᠭᠰᠡᠨ ᠨᠢ᠂ ᠭᠢᠷᠢᠨ ᠮᠤᠵᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠦᠯᠵᠢᠶᠡᠨ ᠳᠡᠭᠡᠷ᠎ᠡ ᠤᠷᠭᠤᠨ ᠳᠤᠲᠠᠭᠠᠭᠰᠠᠳ ᠪᠣᠯᠤᠭᠰᠠᠨ ᠵᠧᠦ ᠣᠪᠣᠭᠲᠤ ᠬᠠᠷᠢᠶ᠎ᠠ ᠣᠷᠣᠨ ᠳᠠᠭᠠᠨ ᠠᠵᠢᠯᠯᠠᠭᠠᠨ ᠤ ᠵᠠᠮ ᠮᠥᠷ ᠲᠠᠢ᠃ ᠮᠡᠳᠡᠭᠡ ᠶᠢ ᠣᠯᠣᠭᠰᠠᠨ ᠤ ᠲᠠᠷᠠᠭ᠎ᠠ᠂ ᠲᠣᠮᠢᠯᠠᠭᠰᠠᠨ ᠰᠠᠯᠪᠤᠷᠢ ᠲᠡᠷᠡ ᠳᠠᠷᠤᠢ ᠳᠤᠨᠢ ︽ᠦᠢᠯᠡ ᠠᠵᠢᠯᠯᠠᠭ᠎ᠠ︾ ᠶᠢ ᠨᠢᠭᠡ ᠴᠣᠭᠴᠠᠵᠢᠭᠤᠯᠤᠭᠰᠠᠨ ᠪᠠᠶᠢᠯᠳᠤᠬᠤ ᠲᠣᠭᠲᠠᠴᠠ ᠶᠢ ᠡᠬᠢᠯᠡᠭᠦᠯᠵᠦ᠂ ᠲᠤᠷᠰᠢᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠡᠢ᠃ ᠠᠷᠠᠳ ᠤᠨ ᠴᠠᠭᠳᠠᠭ᠎ᠠ ᠨᠠᠷ ᠨᠠᠷᠢᠨ ᠨᠢᠮᠪᠠᠢ ᠳᠡᠩᠨᠡᠨ ᠪᠠᠶᠢᠴᠠᠭᠠᠬᠤ ᠪᠠ ᠠᠶᠢᠯᠴᠢᠯᠠᠨ ᠰᠤᠷᠪᠤᠯᠵᠢᠯᠠᠬᠤ ᠪᠠᠷ ᠳᠡᠮᠵᠢᠨ ᠵᠧᠦ ᠣᠪᠣᠭᠲᠤ ᠶᠢᠨ ᠪᠣᠳᠠᠲᠠᠢ ᠪᠠᠶᠢᠷᠢ ᠶᠢ ᠦᠳᠲᠡᠷ ᠲᠦᠷᠭᠡᠨ ᠲᠣᠭᠲᠠᠭᠠᠵᠤ᠂ ᠡᠷᠡᠰ ᠰᠢᠭᠤᠷᠬᠠᠢ ᠪᠠᠷ ᠠᠵᠢᠯᠯᠠᠭ᠎ᠠ ᠠᠪᠴᠤ ᠵᠧᠦ ᠣᠪᠣᠭᠲᠤ ᠶᠢ ᠠᠮᠵᠢᠯᠲᠠ ᠲᠠᠢ ᠪᠠᠷ ᠪᠠᠷᠢᠪᠴᠢᠯᠠᠵᠠᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1