ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/31
      2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠦᠨ᠎ᠡ᠂ ᠡᠨᠡ ᠪᠣᠯ ᠮᠠᠨ ᠤ ᠤᠯᠤᠰ ᠠᠩᠬ᠎ᠠ ᠤᠳᠠᠭ᠎ᠠ ᠭᠡᠷ ᠪᠦᠯᠢ ᠶᠢᠨ ᠬᠥᠮᠦᠵᠢᠯ ᠤᠨ ᠲᠤᠬᠠᠢ ᠲᠤᠰᠬᠠᠢ ᠬᠠᠤᠯᠢ ᠲᠣᠭᠲᠠᠭᠠᠵᠤ ᠪᠠᠶᠢᠭ᠎ᠠ ᠶᠠᠪᠤᠳᠠᠯ ᠮᠥᠨ᠂ ᠭᠡᠷ ᠪᠦᠯᠢ ᠶᠢᠨ ᠬᠥᠮᠦᠵᠢᠯ ᠢ ︽ᠭᠡᠷ ᠤᠨ ᠶᠠᠪᠤᠳᠠᠯ︾ ᠪᠠᠶᠢᠭᠰᠠᠨ ᠠᠴᠠ ︽ᠲᠥᠷᠥ ᠶᠢᠨ ᠶᠠᠪᠤᠳᠠᠯ︾ ᠪᠣᠯᠭᠠᠨ ᠳᠡᠭᠡᠭᠰᠢᠯᠡᠭᠦᠯᠵᠦ᠂ ᠡᠴᠢᠭᠡ ᠡᠬᠡ ᠪᠣᠯᠣᠭᠰᠠᠳ ︽ᠬᠠᠤᠯᠢ ᠶᠣᠰᠣᠭᠠᠷ ᠬᠡᠦᠬᠡᠳ ᠢᠶᠠᠨ ᠠᠰᠠᠷᠠᠬᠤ ︾ ᠴᠠᠭ ᠦᠶ᠎ᠡ ᠶᠢ ᠡᠬᠢᠯᠡᠭᠦᠯᠦᠭᠰᠡᠨ ᠶᠠᠪᠤᠳᠠᠯ ᠪᠣᠯᠣᠨ᠎ᠠ᠃ ᠲᠣᠰ ᠬᠠᠤᠯᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠬᠦ ᠶᠢᠨ ᠲᠥᠯᠥᠭᠡ᠂ ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠶᠢᠨ ᠭᠤᠣᠯ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠳᠤ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 500 ᠭᠠᠷᠤᠢ ᠭᠡᠷ ᠤᠨ ᠠᠬᠠᠮᠠᠳ ᠲᠠᠶᠢᠯᠤᠮᠵᠢ ᠳᠤ ᠣᠷᠣᠯᠴᠠᠵᠠᠢ᠃
     10 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠴᠧᠨ ᠨᠠᠨ ᠪᠠᠭᠰᠢ ᠶᠢᠨ ᠭᠤᠣᠯᠯᠠᠨ ᠶᠠᠷᠢᠭᠰᠠᠨ ︽ᠥᠨᠥᠳᠥᠷ ᠲᠠ ᠬᠠᠤᠯᠢ ᠶᠣᠰᠣᠭᠠᠷ  ᠬᠡᠦᠬᠡᠳ ᠢᠶᠠᠨ ᠳᠠᠭᠠᠭᠤᠯᠤᠭᠰᠠᠨ ᠤᠤ︖︾ ᠭᠤᠣᠯ ᠰᠡᠳᠦᠪᠲᠦ ᠲᠠᠶᠢᠯᠤᠮᠵᠢ ᠶᠢ ᠲᠣᠭᠲᠠᠬᠤ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠬᠤᠷᠠᠯ ᠤᠨ ᠭᠡᠷ ᠲᠤ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠵᠤ᠂ ᠴᠧᠨ ᠪᠠᠭᠰᠢ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠦᠬᠡᠳ ᠢᠶᠠᠨ ᠠᠰᠠᠷᠠᠬᠤ ᠨᠠᠢᠮᠠᠨ ᠵᠦᠢᠯ ᠤᠨ ᠵᠠᠭᠪᠤᠷ ᠢ ᠵᠢᠭᠰᠠᠭᠠᠨ ᠭᠠᠷᠭᠠᠭᠰᠠᠨ ᠪᠥᠭᠡᠳ ᠭᠡᠷ ᠢᠶᠠᠨ ᠠᠬᠢᠭᠤᠯᠬᠤ ᠠᠷᠭ᠎ᠠ ᠶᠢ ᠬᠠᠷᠠᠭᠠᠯᠵᠠᠭᠰᠠᠨ ᠬᠡᠦᠬᠡᠳ ᠢᠶᠠᠨ ᠠᠰᠠᠷᠠᠬᠤ ᠵᠠᠭᠪᠤᠷ ᠲᠤ ᠠᠭᠤᠰᠬᠠᠨ ᠣᠷᠣᠭᠤᠯᠵᠤ᠂ ᠭᠡᠷ ᠤᠨ ᠠᠬᠠᠮᠠᠳ ᠤᠨ ᠬᠡᠷᠬᠢᠨ ︽ᠬᠠᠤᠯᠢ ᠶᠣᠰᠣᠭᠠᠷ ᠬᠡᠦᠬᠡᠳ ᠢᠶᠠᠨ ᠠᠰᠠᠷᠠᠬᠤ︾ ᠶᠢ ᠬᠥᠲᠥᠯᠥᠨ ᠵᠢᠯᠤᠭᠤᠳᠬᠤ ᠶᠢ ᠠᠮᠢᠳᠤᠯᠢᠭ ᠲᠣᠳᠣᠷᠬᠠᠢ ᠵᠢᠯᠣᠭᠤᠳᠪᠠ᠃ ᠭᠡᠷ ᠤᠨ ᠠᠬᠠᠮᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠴᠧᠨ ᠪᠠᠭᠰᠢ ᠶᠢᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠣᠨᠣᠰᠴᠤ᠂ ᠥᠪᠡᠷ ᠤᠨ ᠡᠳᠦᠷ ᠲᠤᠲᠤᠮ ᠤᠨ ᠬᠡᠦᠬᠡᠳ ᠢᠶᠠᠨ ᠳᠠᠭᠠᠭᠤᠯᠵᠤ ᠪᠠᠶᠢᠭ᠎ᠠ ᠠᠯᠳᠠᠭ᠎ᠠ ᠪᠤᠷᠤᠭᠤ ᠪᠠ ᠬᠦᠷᠦᠯᠴᠡᠬᠦ ᠦᠭᠡᠢ ᠲᠠᠯ᠎ᠠ ᠳᠠᠭᠠᠨ ᠵᠥᠪ ᠲᠠᠨᠢᠯᠲᠠ ᠲᠠᠢ ᠪᠣᠯᠤᠭᠰᠠᠨ ᠪᠥᠭᠡᠳ ᠲᠠᠶᠢᠯᠤᠮᠵᠢ ᠪᠠᠷ ᠳᠠᠮᠵᠢᠨ ᠬᠡᠷᠬᠢᠨ ︽ᠬᠠᠤᠯᠢ ᠶᠣᠰᠣᠭᠠᠷ ᠬᠡᠦᠬᠡᠳ ᠢᠶᠠᠨ ᠲᠠᠭᠠᠭᠤᠯᠬᠤ︾ ᠤᠯᠠᠨ ᠵᠦᠢᠯ ᠤᠨ ᠠᠷᠭ᠎ᠠ ᠶᠢ ᠣᠯᠵᠤ ᠰᠤᠷᠴᠠᠢ᠃
     10 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠵᠠᠩ ᠯᠦ ᠪᠠᠭᠰᠢ ᠶᠢᠨ ᠭᠤᠣᠯᠯᠠᠨ ᠶᠠᠷᠢᠭᠰᠠᠨ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢ ᠬᠡᠷᠡᠭᠵᠢᠭᠦᠯᠬᠦ ︱ ᠡᠴᠢᠭᠡ ᠡᠬᠡ ᠪᠣᠯᠣᠭᠰᠠᠳ ᠬᠡᠦᠬᠡᠳ ᠢᠶᠠᠨ ᠬᠡᠷᠬᠢᠨ ᠬᠠᠶᠢᠷᠠᠯᠠᠬᠤ ᠪᠣᠶ︖︾ ᠭᠡᠬᠦ ᠭᠤᠣᠯ ᠰᠡᠳᠦᠪᠲᠦ ᠲᠠᠶᠢᠯᠤᠮᠵᠢ ᠲᠣᠭᠲᠠᠬᠤ ᠰᠢᠶᠠᠨ ᠤ ᠰᠢᠨ᠎ᠡ ᠬᠤᠲᠠ ᠶᠢᠨ ᠬᠡᠦᠬᠡᠳ ᠤᠨ ᠴᠡᠴᠡᠷᠯᠢᠭ ᠤᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠪᠠ᠃ ᠵᠠᠩ ᠪᠠᠭᠰᠢ ᠡᠩ ᠲᠡᠷᠢᠭᠦᠨ ᠳᠤ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢ ᠨᠡᠶᠢᠲᠡᠯᠡᠭᠰᠡᠨ ᠲᠡᠦᠬᠡᠨ ᠠᠬᠤᠢ ᠪᠠᠶᠢᠳᠠᠯ ᠢ ᠲᠠᠨᠢᠯᠴᠠᠭᠤᠯᠵᠤ᠂ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠭᠡᠷ ᠪᠦᠯᠢ ᠪᠣᠯ ᠬᠡᠦᠬᠡᠳ ᠤᠨ ᠠᠩᠬᠠᠨ ᠤ ᠬᠢᠴᠢᠶᠡᠯ ᠤᠨ ᠲᠠᠩᠬᠢᠮ ᠮᠥᠨ᠂ ᠭᠡᠷ ᠤᠨ ᠠᠬᠠᠮᠠᠳ ᠪᠣᠯ ᠬᠡᠦᠬᠡᠳ ᠤᠨ ᠠᠩᠬᠠᠨ ᠤ ᠪᠠᠭᠰᠢ ᠮᠥᠨ ᠭᠡᠬᠦ ᠬᠠᠷᠢᠭᠤᠴᠠᠯᠭᠠᠲᠤ ᠤᠬᠠᠮᠰᠠᠷ ᠢ ᠪᠣᠶ ᠪᠣᠯᠭᠠᠬᠤ ᠬᠡᠷᠡᠭᠲᠡᠢ ᠭᠡᠵᠦ ᠰᠠᠨᠠᠭᠠᠴᠢᠯᠠᠵᠠᠢ᠃ ᠡᠭᠦᠨ ᠤ ᠬᠠᠮᠲᠤ᠂ ᠵᠠᠩ ᠪᠠᠭᠰᠢ ᠠᠮᠢᠳᠤᠷᠠᠯ ᠳᠤᠮᠳᠠᠬᠢ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠡᠷ ᠪᠦᠯᠢ ᠶᠢᠨ ᠬᠥᠮᠦᠵᠢᠯ ᠤᠨ ᠶᠢᠰᠦᠨ ᠶᠡᠭᠡ ᠠᠷᠭ᠎ᠠ ᠶᠢ ᠲᠠᠶᠢᠯᠪᠤᠷᠢᠯᠠᠨ ᠶᠠᠷᠢᠵᠤ᠂ ᠭᠡᠷ ᠤᠨ ᠠᠬᠠᠮᠠᠳ ᠢ ᠬᠡᠷᠬᠢᠨ ︽ᠬᠠᠤᠯᠢ ᠶᠣᠰᠣᠭᠠᠷ ᠬᠡᠦᠬᠡᠳ ᠢᠶᠠᠨ ᠠᠰᠠᠷᠠᠬᠤ︾ ᠬᠡᠷᠡᠭᠲᠡᠢ ᠭᠡᠵᠦ ᠠᠮᠢᠳᠤᠯᠢᠭ ᠳᠦᠷᠰᠦᠯᠢᠭ ᠢᠶᠠᠷ ᠬᠥᠲᠥᠯᠥᠨ ᠵᠢᠯᠣᠭᠤᠳᠪᠠ᠃ ᠭᠡᠷ ᠤᠨ ᠠᠬᠠᠮᠠᠳ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠢᠳᠡᠪᠬᠢᠲᠡᠢ ᠣᠷᠣᠯᠴᠠᠵᠤ᠂ ᠲᠣᠰ ᠤᠳᠠᠭᠠᠨ ᠤ ᠲᠠᠶᠢᠯᠤᠮᠵᠢ ᠪᠠᠷ ᠳᠡᠮᠵᠢᠨ ᠂ ᠭᠡᠷ ᠤᠨ ᠠᠬᠠᠮᠠᠳ ᠬᠤᠶᠢᠰᠢᠳᠠ ᠬᠡᠦᠬᠡᠳ ᠢᠶᠠᠨ ᠬᠡᠷᠬᠢᠨ ᠬᠠᠶᠢᠷᠠᠯᠠᠬᠤ ᠲᠤᠬᠠᠢ ᠴᠣ᠋ ᠰᠢᠨ᠎ᠡ ᠲᠠᠨᠢᠯᠲᠠ ᠲᠠᠢ ᠪᠣᠯᠤᠭᠰᠠᠨ ᠪᠠᠶᠢᠨ᠎ᠠ᠃
     10 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢ ᠬᠠᠷᠠᠭᠠᠯᠵᠠᠬᠤ ᠠᠵᠢᠯ ᠤᠨ ᠺᠣᠮᠢᠰ ᠤᠨ ᠯᠧᠺᠲ᠋ᠣᠷ ᠤᠨ ᠪᠦᠯᠬᠦᠮ ᠤᠨ ᠯᠧᠺᠲ᠋ᠣᠷ ᠯᠢᠦ ᠹᠧᠢ ᠠᠵᠢᠯ ᠮᠡᠷᠭᠡᠵᠢᠯ ᠤᠨ ᠳᠤᠮᠳᠠ ᠰᠤᠷᠭᠠᠭᠠᠤᠯᠢ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ︽ᠭᠡᠷ ᠪᠦᠯᠢ ᠶᠢᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢ ᠬᠡᠷᠡᠭᠵᠢᠭᠦᠯᠬᠦ ︱ ᠬᠡᠷᠬᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠣᠷᠣᠭᠴᠢ ᠶᠢᠨ ᠰᠡᠳᠬᠢᠯ ᠢ ᠳᠤᠯᠠᠭᠠᠴᠠᠭᠤᠯᠬᠤ ᠭᠡᠷ ᠤᠨ ᠠᠬᠠᠮᠠᠳ ᠪᠣᠯᠬᠤ ᠪᠣᠶ︖︾ ᠭᠡᠬᠦ ᠭᠤᠣᠯ ᠰᠡᠳᠦᠪᠲᠦ ᠲᠠᠶᠢᠯᠤᠮᠵᠢ ᠬᠢᠪᠡ᠃
     ᠲᠠᠶᠢᠯᠤᠮᠵᠢ ᠳᠤ᠂ ᠯᠢᠦ ᠹᠧᠢ ᠪᠠᠭᠰᠢ ᠡᠯᠪᠡᠭ ᠪᠠᠶᠠᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤ ᠪᠠᠶᠢᠭᠰᠠᠨ ᠭᠡᠷ ᠤᠨ ᠠᠬᠠᠮᠠᠳ ᠲᠤ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢᠨ ᠬᠠᠤᠯᠢ ᠲᠣᠭᠲᠠᠭᠠᠯᠲᠠ ᠶᠢᠨ ᠠᠬᠤᠢ ᠪᠠᠶᠢᠳᠠᠯ ᠢ ᠲᠣᠳᠣᠷᠬᠠᠶᠢᠯᠠᠨ ᠥᠭᠦᠯᠡᠵᠦ᠂ ᠭᠡᠷ ᠤᠨ ᠠᠬᠠᠮᠠᠳ ᠲᠤ ᠭᠡᠷ ᠪᠦᠯᠢ ᠶᠢᠨ ᠬᠥᠮᠦᠵᠢᠯ ᠤᠨ ᠴᠢᠬᠤᠯᠠ ᠴᠢᠨᠠᠷ ᠢ ᠣᠶᠢᠯᠠᠭᠠᠭᠤᠯᠬᠤ ᠶᠢᠨ ᠬᠠᠮᠲᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠡᠳᠬᠢᠴᠡ ᠶᠢᠨ ᠣᠨᠴᠠᠯᠢᠭ ᠵᠢᠴᠢ ᠣᠳᠣᠬᠢ ᠪᠠᠶᠢᠳᠠᠯ ᠢ ᠵᠠᠳᠠᠯᠬᠤ ᠲᠠᠢ ᠤᠶᠠᠯᠳᠤᠭᠤᠯᠤᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠭᠡᠷ ᠪᠦᠯᠢ ᠶᠢᠨ ᠰᠠᠶᠢᠨ ᠰᠤᠷᠭᠠᠨ ᠬᠥᠮᠦᠵᠢᠯ ᠢ ᠬᠡᠷᠬᠢᠨ ᠬᠡᠷᠡᠭᠵᠢᠭᠦᠯᠬᠦ ᠲᠤᠬᠠᠢ ᠰᠠᠨᠠᠭᠤᠯᠭ᠎ᠠ ᠭᠠᠷᠭᠠᠭᠰᠠᠨ ᠪᠠᠶᠢᠨ᠎ᠠ᠃      ᠲᠤᠰ ᠤᠳᠠᠭᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ᠡᠭᠦᠨ ᠤ ᠵᠣᠷᠢᠯᠭ᠎ᠠ ᠨᠢ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ   ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠪᠣᠯᠣᠨ ᠰᠠᠶᠢᠨ ᠰᠠᠶᠢᠬᠠᠨ ᠵᠠᠩ ᠰᠤᠷᠲᠠᠯ ᠢ ᠪᠠᠳᠠᠷᠠᠭᠤᠯᠤᠨ ᠳᠡᠯᠭᠡᠷᠡᠭᠦᠯᠵᠦ᠂ ︽ᠬᠠᠤᠯᠢ ᠶᠣᠰᠣᠭᠠᠷ ᠬᠡᠦᠬᠡᠳ ᠢᠶᠠᠨ ᠳᠠᠭᠠᠭᠤᠯᠬᠤ︾ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠭᠡᠷ ᠪᠦᠯᠢ ᠨᠢᠭᠡᠪᠦᠷᠢ ᠳᠤ ᠨᠡᠪᠴᠢᠭᠦᠯᠦᠨ᠂ ᠭᠡᠷ ᠪᠦᠯᠢ ᠪᠣᠯᠣᠨ ᠰᠤᠷᠭᠠᠭᠤᠯᠢ ᠶᠢᠨ ᠬᠤᠭᠤᠷᠣᠨᠳᠤ ᠪᠠᠨ ᠨᠡᠪᠲᠡᠷᠡᠯᠴᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠭᠡᠷ ᠪᠦᠯᠢ ᠪᠣᠯᠣᠨ ᠰᠤᠷᠭᠠᠭᠤᠯᠢ ᠶᠢ ᠬᠠᠮᠲᠤ ᠪᠠᠷ ᠪᠣᠶᠢᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ   ᠢᠶᠠᠷ ᠦᠰᠦᠨ ᠪᠣᠶᠢᠵᠢᠬᠤ   ᠶᠢ ᠠᠬᠢᠭᠤᠯᠬᠤ   ᠶᠢᠨ ᠲᠥᠯᠥᠭᠡ ᠶᠤᠮ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1