ᠪᠥᠬᠦ ᠲᠠᠯ᠎ᠠ ᠪᠠᠷ ᠪᠠᠶᠢᠴᠠᠭᠠᠨ᠎ᠠ
ᠨᠡᠶᠢᠲᠡᠯᠡᠭᠰᠡᠨ ᠴᠠᠭ᠄
2023/10/8
      27 ᠤ ᠡᠳᠦᠷ᠂ ︽ᠳᠤᠮᠳᠠᠳᠤ ᠤᠯᠤᠰ ᠤᠨ ᠠᠷᠠᠳ ᠤᠨ ᠶᠠᠪᠤᠳᠠᠯ︾ ᠤᠨ ᠮᠡᠳᠡᠭᠡᠯᠡᠯ᠄ ᠣᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠪᠠ ᠵᠠᠭᠤᠴᠢᠯᠠᠭᠤᠷ ᠤᠨ ᠲᠤᠰᠬᠠᠭᠰᠠᠨ ᠳᠤᠮᠳᠠᠳᠤ ᠶᠢᠨ ᠪᠠᠭᠠᠴᠤᠳ ᠬᠡᠦᠬᠡᠳ ᠤᠨ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ︽9958 ᠬᠡᠦᠬᠡᠳ ᠤᠨ ᠪᠠᠴᠢᠮ ᠠᠪᠤᠷᠠᠨ ᠲᠤᠰᠠᠯᠠᠬᠤ ᠲᠥᠷᠥᠯ  ᠵᠦᠢᠯ︾ ᠵᠢᠴᠢ ᠪᠤᠰᠤᠳ ᠬᠤᠯᠪᠣᠭᠳᠠᠯ ᠪᠥᠬᠦᠶ ᠠᠰᠠᠭᠤᠳᠠᠯ ᠳᠤ ᠴᠢᠭᠯᠡᠭᠦᠯᠦᠨ᠂ ᠠᠷᠠᠳ ᠤᠨ ᠶᠠᠪᠤᠳᠠᠯ ᠤᠨ ᠶᠠᠮᠤᠨ ᠳᠡᠭᠡᠳᠦ  ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠮᠳᠠᠳᠤ ᠶᠢᠨ ᠪᠠᠭᠠᠴᠤᠳ  ᠬᠡᠦᠬᠡᠳ ᠤᠨ  ᠨᠢᠭᠦᠯᠡᠰᠦᠩᠭᠦᠶ ᠶᠢᠨ  ᠠᠪᠤᠷᠠᠨ  ᠲᠤᠰᠠᠯᠠᠬᠤ  ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠲᠠᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠡᠷ  ᠪᠦᠯᠢ ᠳᠤ  ᠬᠤᠯᠪᠣᠭᠳᠠᠬᠤ  ᠵᠦᠶ ᠶᠣᠰᠣᠨ ᠤ ᠡᠷᠬᠡ ᠠᠰᠢᠭ ᠢᠶᠠᠨ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ  ᠲᠤᠬᠠᠢ  ᠪᠣᠯᠵᠣᠨ  ᠶᠠᠷᠢᠯᠴᠠᠪᠠ᠃  ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠨᠢᠭᠡᠨᠲᠡ ᠪᠠᠶᠢᠴᠠᠭᠠᠬᠤ ᠳᠤᠭᠤᠶᠢᠯᠠᠩ ᠲᠣᠮᠢᠯᠠᠨ ᠲᠣᠰ ᠰᠠᠭᠤᠷᠢ ᠮᠥᠩᠭᠦᠨ ᠤ  ᠨᠡᠶᠢᠭᠡᠮᠯᠢᠭ ᠲᠤ ᠰᠠᠭᠤᠯᠭᠠᠨ ᠪᠥᠬᠦ ᠲᠠᠯ᠎ᠠ ᠶᠢᠨ ᠪᠠᠶᠢᠴᠠᠭᠠᠯᠲᠠ  ᠥᠷᠨᠢᠭᠦᠯᠵᠦ᠂  ᠲᠦᠷᠢᠮ  ᠲᠣᠭᠲᠠᠭᠠᠯ  ᠬᠠᠤᠯᠢ  ᠴᠠᠭᠠᠵᠠ ᠠᠴᠠ  ᠵᠥᠷᠢᠴᠡᠭᠰᠡᠨ ᠠᠰᠠᠭᠤᠳᠠᠯ ᠢ ᠡᠷᠡᠰ ᠰᠢᠭᠤᠷᠬᠠᠢ ᠪᠠᠶᠢᠴᠠᠭᠠᠨ ᠰᠢᠢᠳᠪᠦᠷᠢᠯᠡᠭᠰᠡᠨ ᠪᠠ ᠵᠠᠯᠠᠷᠠᠭᠤᠯᠪᠠ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1