ᠲᠣᠭᠲᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠢ ᠡᠭᠦᠷ ᠤᠯᠤᠰ ᠤᠨ ᠪᠠᠶᠠᠷ ᠤᠨ ᠬᠤᠭᠤᠴᠠᠭᠠᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/9
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠲᠤᠭᠳᠠᠬᠤ ᠰᠢᠶᠠᠨ ᠤ ᠡᠮᠨᠡᠯᠭᠡ ᠶᠢᠨ ᠬᠤᠷᠢᠶᠠᠨ ᠤ ᠨᠠᠮ ᠤᠨ ᠶᠡᠷᠦᠩᠬᠡᠢ ᠡᠭᠦᠷ ᠤᠨ ᠬᠢᠨ ᠤᠯᠤᠰ ᠤᠨ ᠪᠠᠶᠠᠷ ᠤᠨ ᠠᠮᠠᠷᠠᠯᠲᠠ ᠶᠢ ᠠᠰᠢᠭᠯᠠᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠲᠤ ᠬᠦᠷᠴᠦ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      10 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠨᠢᠭᠡᠳᠦᠭᠡᠷ ᠨᠠᠮ ᠤᠨ ᠡᠭᠦᠷ ᠪᠣᠯᠣᠨ ᠬᠤᠶᠠᠳᠤᠭᠠᠷ ᠨᠠᠮ ᠤᠨ ᠡᠭᠦᠷ ᠠᠴᠠ ᠲᠤᠰ ᠲᠤᠰ ᠳᠣᠲᠣᠷ ᠡᠮᠨᠡᠯᠭᠡ᠂ ᠭᠠᠳᠠᠷ ᠡᠮᠨᠡᠯᠭᠡ᠂ ᠶᠠᠰᠤᠨ ᠤ ᠰᠠᠯᠠᠭᠠᠨ ᠤ ᠰᠢᠯᠢᠳᠡᠭ ᠡᠮᠴᠢ ᠶᠢ ᠰᠣᠩᠭᠤᠨ ᠲᠣᠮᠢᠯᠠᠵᠤ ᠪᠦᠦ ᠬᠤᠤ ᠶᠢᠩ ᠲᠣᠰᠬᠤᠨ᠂ ᠶᠠᠩ ᠳ᠋ᠠ ᠴᠠᠩ ᠲᠣᠰᠬᠤᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
     10 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠨᠠᠮ ᠤᠨ ᠶᠡᠷᠦᠩᠬᠡᠢ ᠡᠭᠦᠷ ᠤᠨ ᠬᠢᠨ ᠳᠣᠲᠣᠷ ᠰᠠᠯᠠᠭ᠎ᠠ᠂ ᠭᠠᠳᠠᠷ ᠰᠠᠯᠠᠭᠠᠨ ᠤ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠶᠢᠩ ᠪᠢᠨ ᠨᠡᠶᠢᠭᠡᠮ ᠲᠣᠭᠤᠷᠢᠭ ᠲᠤ ᠠᠯᠪᠠᠨ ᠵᠢᠷᠤᠮ ᠤᠨ ᠡᠮᠴᠢᠯᠡᠭᠡ ᠥᠷᠨᠢᠭᠦᠯᠪᠡ᠃
     ᠬᠤᠶᠠᠷ ᠡᠳᠦᠷ ᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ᠂ ᠡᠮᠴᠢ ᠰᠤᠪᠢᠯᠠᠭᠴᠢᠳ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠳᠤ ᠦᠨ᠎ᠡ ᠲᠥᠯᠥᠪᠦᠷᠢ ᠦᠭᠡᠢ ᠪᠠᠷ ᠴᠢᠰᠤᠨ ᠰᠢᠬᠢᠷ᠂ ᠴᠢᠰᠤᠨ ᠳᠠᠷᠤᠯᠲᠠ ᠶᠢ ᠨᠢ ᠬᠡᠮᠵᠢᠵᠦ᠂ ᠣᠯᠠᠨ ᠲᠦᠮᠡᠨ ᠳᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠪᠠ ᠡᠮ ᠬᠡᠷᠡᠭᠯᠡᠬᠦ ᠵᠢᠯᠣᠭᠤᠳᠤᠯᠭ᠎ᠠ ᠬᠢᠵᠦ᠂ ᠣᠯᠠᠨ ᠲᠦᠮᠡᠨ ᠤ ᠭᠡᠷ ᠤᠨ ᠡᠭᠦᠳᠡᠨ ᠳᠤ ᠴᠢᠨᠠᠷ ᠰᠠᠶᠢᠲᠠᠢ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠰᠦᠢᠳᠬᠡᠯ ᠬᠤᠷᠢᠶᠠᠬᠤ ᠦᠭᠡᠢ ᠪᠠᠷ ᠴᠢᠰᠤᠨ ᠳᠠᠷᠤᠯᠲᠠ᠂ ᠴᠢᠰᠤᠨ ᠰᠢᠬᠢᠷ ᠢ 280 ᠭᠠᠷᠤᠢ ᠬᠥᠮᠥᠨ ᠤᠳᠠᠭ᠎ᠠ ᠬᠡᠮᠵᠢᠵᠦ᠂ ᠡᠷᠡᠭᠦᠯ ᠮᠡᠨᠳᠦ ᠶᠢᠨ ᠲᠤᠬᠠᠢ 100 ᠭᠠᠷᠤᠢ ᠬᠥᠮᠥᠨ ᠠᠴᠠ ᠠᠰᠠᠭᠤᠨ ᠯᠠᠪᠯᠠᠵᠤ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠢ ᠬᠤᠪᠢ ᠲᠠᠷᠬᠠᠭᠠᠵᠤ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1