11 ᠳ᠋ᠤᠭᠡᠷ ᠰᠠᠷ᠎ᠠ ᠶᠢᠨ 9 ᠤ ᠡᠳᠦᠷ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ | ᠥᠪᠥᠷ ᠮᠣᠩᠭᠤᠯ ᠤᠨ ᠬᠤᠩ ᠳ᠋ᠧ ᠨᠡᠶᠢᠭᠡᠮ ᠤᠨ ᠰᠢᠨᠵᠢᠯᠡᠬᠦ ᠤᠬᠠᠭᠠᠨ ᠨᠡᠶᠢᠭᠡᠮ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠳᠡᠭᠡᠳᠦ ᠰᠤᠷᠭᠠᠭᠤᠯᠢ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃ | ᠰᠢᠶᠠᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ ᠸᠠᠩ ᠳ᠋ᠦᠩ ᠱᠧᠩ᠂ ᠭᠤᠤ ᠵᠧᠩ᠂ ᠰᠦᠨ ᠰᠢᠶᠦ᠋ᠨ | ᠂ ᠸᠠᠩ ᠮᠢᠩ ᠨᠠᠷ᠂ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ | ᠰᠤᠷᠭᠠᠭᠤᠯᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠵᠠᠬᠢᠷᠤᠯ ᠪᠥᠭᠡᠳ ᠨᠠᠮ ᠤᠨ ᠬᠤᠷᠢᠶ᠎ᠠ ᠶᠢᠨ ᠳᠡᠳ᠋ ᠱᠦᠵᠢ | ᠵᠧᠦ ᠢᠦᠢ ᠱᠦ᠂ ᠨᠠᠮ ᠤᠨ ᠬᠤᠷᠢᠶ᠎ᠠ ᠶᠢᠨ ᠱᠦᠵᠢ ᠯᠦ ᠹᠧᠩ ᠯᠦᠩ ᠭᠠᠷ ᠤᠨ ᠦᠰᠦᠭ ᠵᠢᠷᠤᠬᠤ ᠶᠣᠰᠣᠯᠠᠯ ᠳᠤ | ᠣᠷᠣᠯᠴᠠᠪᠠ᠃ | ᠬᠡᠯᠡᠯᠴᠡᠭᠡᠷ ᠤᠨ ᠶᠣᠰᠣᠭᠠᠷ᠂ ᠲᠣᠭᠲᠠᠬᠤ ᠰᠢᠶᠠᠨ ᠳᠤ ᠥᠪᠥᠷ ᠮᠣᠩᠭᠤᠯ ᠤᠨ ᠬᠤᠩ ᠳ᠋ᠧ ᠨᠡᠶᠢᠭᠡᠮ | ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ ᠰᠤᠷᠭᠠᠭᠤᠯᠢ ᠶᠢᠨ ᠲᠣᠭᠲᠠᠬᠤ ᠬᠤᠪᠢᠶᠠᠷᠢ ᠰᠤᠷᠭᠠᠭᠤᠯᠢ | ᠪᠠᠶᠢᠭᠤᠯᠬᠤ ᠪᠠᠷ ᠪᠣᠯᠵᠣᠨ ᠲᠣᠭᠲᠠᠬᠤ ᠶᠢᠨ ᠬᠠᠮᠲᠤ ᠭᠤᠷᠪᠠᠨ ᠵᠤᠭᠠᠴᠠᠯ ᠤᠨ ᠦᠵᠡᠮᠵᠢ ᠶᠢᠨ ᠣᠷᠣᠨ ᠢ ᠪᠠᠶᠢᠭᠤᠯᠤᠨ᠎ᠠ | ᠂ ᠲᠤᠬᠠᠶᠢᠯᠠᠪᠠᠯ ᠭᠦ᠋ ᠴᠧᠩ ᠵᠤᠭᠠᠴᠠᠯ ᠤᠨ ᠤᠷᠤᠨ᠂ ᠨᠤᠭᠤ ᠭᠠᠵᠠᠷ ᠤᠨ ᠵᠤᠭᠠᠴᠠᠯ ᠤᠨ ᠤᠷᠤᠨ᠂ ᠬᠠᠳᠤᠨ | ᠭᠤᠣᠯ ᠤᠨ ᠵᠤᠭᠠᠴᠠᠯ ᠤᠨ ᠤᠷᠤᠨ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ | ᠠᠷᠠᠳ ᠤᠨ ᠵᠣᠭᠤᠰ ᠢᠶᠠᠷ ᠪᠠᠷᠤᠭ 4 ᠳ᠋ᠦᠩᠰᠢᠭᠤᠷ ᠲᠥᠭᠦᠷᠢᠭ ᠪᠠᠶᠢᠵᠤ᠂ 2024 ᠣᠨ ᠤ 5 ᠳ᠋ᠤᠭᠠᠷ ᠰᠠᠷ᠎ᠠ ᠳᠤ | ᠪᠠᠷᠢᠯᠭ᠎ᠠ ᠡᠬᠢᠯᠡᠭᠦᠯᠦᠨ᠂ 2025 ᠣᠨ ᠤ ᠵᠣᠨ ᠤ ᠠᠮᠠᠷᠠᠯᠲᠠ ᠶᠢᠨ ᠬᠤᠭᠤᠴᠠᠭᠠᠨ ᠳᠤ ᠠᠰᠢᠭᠯᠠᠯᠲᠠ ᠳᠤ | ᠣᠷᠣᠭᠤᠯᠵᠤ᠂ 2026 ᠣᠨ ᠳᠤ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ | ᠲᠤᠰ ᠤᠳᠠᠭ᠎ᠠ ᠥᠪᠥᠷ ᠮᠣᠩᠭᠤᠯ ᠤᠨ ᠬᠤᠩ ᠳ᠋ᠧ ᠨᠡᠶᠢᠭᠡᠮ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠡᠭᠡᠳᠦ | ᠰᠤᠷᠭᠠᠭᠤᠯᠢ ᠲᠣᠭᠲᠠᠬᠤ ᠰᠢᠶᠠᠨ ᠲᠠᠢ ᠲᠥᠷᠥᠯ ᠵᠦᠢᠯ ᠤᠨ ᠬᠠᠮᠲᠤᠷᠠᠯᠴᠠᠭ᠎ᠠ ᠦᠷᠨᠢᠭᠦᠯᠦᠭᠰᠡᠨ ᠨᠢ᠂ ᠶᠡᠷᠦᠩᠬᠡᠢ | ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠪᠣᠯᠣᠨ ᠰᠣᠶᠣᠯ ᠵᠤᠭᠠᠴᠠᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠤᠱᠯᠠᠭᠤᠯᠬᠤ ᠪᠣᠳᠠᠲᠠᠢ ᠠᠵᠢᠯᠯᠠᠭ᠎ᠠ ᠮᠥᠨ᠂ ᠪᠠᠰᠠ ︽ᠴᠢᠨᠠᠷ ᠰᠠᠶᠢᠲᠠᠢ ᠰᠤᠷᠭᠠᠨ | ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ | ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠴᠢᠳᠠᠪᠤᠷᠢ ᠣᠯᠭᠤᠬᠤ︾ ᠪᠠ ︽ᠰᠣᠶᠣᠯ ᠢᠶᠠᠷ | ᠵᠤᠭᠠᠴᠠᠯ ᠢ ᠱᠤᠭᠤᠵᠤ᠂ ᠵᠤᠭᠠᠴᠠᠯ ᠢᠶᠠᠷ ᠰᠤᠶᠤᠯ ᠢ ᠲᠤᠪᠤᠶᠢᠯᠭᠠᠵᠤ᠂ ᠰᠣᠶᠣᠯ ᠪᠠ ᠵᠤᠭᠠᠴᠠᠯ ᠤᠨ ᠭᠦᠨᠵᠡᠭᠡᠢ | ᠠᠭᠤᠰᠤᠯᠴᠠᠨ ᠬᠥᠭᠵᠢᠬᠦ ᠶᠢ ᠠᠬᠢᠭᠤᠯᠬᠤ︾ ᠪᠦᠲᠦᠮᠵᠢᠲᠡᠢ ᠠᠷᠭ᠎ᠠ ᠵᠠᠮ ᠢ ᠦᠢᠯᠡᠳᠦᠯᠭᠡᠵᠢᠭᠦᠯᠵᠦ᠂ ᠮᠠᠨ ᠤ | ᠰᠢᠶᠠᠨ ᠤ ᠰᠤᠷᠭᠠᠨ ᠬᠥᠮᠦᠵᠢᠯ ᠪᠠ ᠰᠣᠶᠣᠯ ᠵᠤᠭᠠᠴᠠᠯ ᠤᠨ ᠦᠢᠯᠡᠰ ᠤᠨ ᠨᠡᠩ ᠰᠠᠶᠢᠨ ᠬᠥᠭᠵᠢᠬᠦ ᠶᠢ ᠬᠦᠴᠦᠲᠡᠢ | ᠠᠬᠢᠭᠤᠯᠬᠤ ᠨᠢ ᠯᠠᠪᠲᠠᠢ ᠶᠤᠮ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ | |