ᠲᠣᠭᠲᠠᠬᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠠᠯᠠᠭᠤᠴᠤᠳ ᠪᠠᠭᠠᠴᠤᠳ ᠤᠨ ᠬᠡᠪᠯᠡᠯ ᠤᠨ ᠡᠷᠬᠡ ᠶᠢ ᠬᠠᠮᠠᠭᠠᠯᠠᠬᠤ ᠲᠤᠰᠬᠠᠢ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠪᠡ
ᠨᠡᠶᠢᠲᠡᠯᠡᠭᠰᠡᠨ ᠴᠠᠭ᠄
2023/11/13
      ᠲᠥᠪ ᠤᠨ ᠤᠬᠠᠭᠤᠯᠬᠤ ᠬᠡᠯᠲᠡᠰ ᠤᠨ ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠲᠥᠪ ᠤᠨ ᠤᠬᠠᠭᠤᠯᠬᠤ ᠬᠡᠯᠲᠡᠰ ᠤᠨ ᠬᠡᠪᠯᠡᠨ ᠲᠠᠷᠬᠠᠭᠠᠬᠤ ᠲᠣᠪᠴᠢᠶ᠎ᠠ᠂ ᠲᠥᠪ ᠤᠨ ᠤᠬᠠᠭᠤᠯᠬᠤ ᠬᠡᠯᠲᠡᠰ ᠤᠨ ᠬᠠᠤᠯᠢ ᠪᠤᠰᠤ ᠪᠠᠷ ᠴᠠᠭᠠᠵᠠ ᠶᠢ ᠵᠥᠷᠢᠴᠡᠬᠦ ᠶᠢ ᠡᠰᠡᠷᠭᠦᠴᠡᠬᠦ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶ᠎ᠠ᠂ ᠰᠣᠶᠣᠯ ᠪᠠ ᠵᠤᠭᠠᠴᠠᠯ ᠤᠨ ᠶᠠᠮᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ ᠶᠢᠨ ︽ᠵᠠᠯᠠᠭᠤᠴᠤᠳ ᠪᠠᠭᠠᠴᠤᠳ ᠤᠨ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ︵ᠬᠡᠪᠯᠡᠯ ᠤᠨ ᠡᠷᠬᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠤᠯᠪᠤᠭ᠎ᠠ ﹇2023﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠣᠭᠲᠠᠬᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ ᠵᠠᠯᠠᠭᠤᠴᠤᠳ ᠪᠠᠭᠠᠴᠤᠳ ᠤᠨ ᠬᠡᠪᠯᠡᠯ ᠤᠨ ᠡᠷᠬᠡ ᠶᠢ ᠬᠠᠮᠠᠭᠠᠯᠠᠬᠤ ᠠᠵᠢᠯ ᠤᠨ ᠲᠤᠰᠬᠠᠢ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠡᠢ᠃      ᠲᠣᠭᠲᠠᠬᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠲᠣᠰ ᠬᠠᠷᠢᠶ᠎ᠠ ᠣᠷᠣᠨ ᠤ ᠳᠣᠲᠣᠷᠠᠬᠢ ᠬᠡᠪᠯᠡᠭᠳᠡᠬᠦᠨ ᠤ ᠵᠠᠬ᠎ᠠ ᠳᠡᠯᠭᠡᠭᠦᠷ᠂ ᠬᠡᠪᠯᠡᠯ ᠤᠨ ᠠᠵᠤ ᠠᠬᠤᠶᠢᠯᠠᠯ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠰᠣᠨᠢᠨ ᠰᠡᠳᠬᠦᠯ ᠤᠨ ᠳᠡᠯᠭᠡᠭᠡ ᠳᠡᠯᠭᠡᠭᠦᠷ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠥᠰᠥᠭ ᠮᠠᠰᠢᠨᠳᠠᠵᠤ ᠳᠠᠷᠤᠮᠠᠯᠯᠠᠬᠤ ᠳᠡᠯᠭᠡᠭᠦᠷ ᠵᠡᠷᠭᠡ ᠲᠠᠯᠠᠪᠤᠷ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠬᠢ ᠡᠭᠦᠰᠦᠯ ᠤᠨ ᠬᠠᠮᠢᠶᠠᠷᠤᠯᠲᠠ ᠶᠢ ᠴᠢᠬᠤᠯᠠᠴᠢᠯᠠᠨ᠂ ᠠᠶᠤᠯᠭᠦᠢ ᠦᠢᠯᠡᠳᠪᠦᠷᠢᠯᠡᠯ ᠢ ᠴᠢᠩᠭᠠᠳᠬᠠᠵᠤ᠂ ᠡᠷᠡᠭᠦᠯ ᠪᠥᠭᠡᠳ ᠡᠮᠬᠢ ᠵᠢᠷᠤᠮ ᠲᠠᠢ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠣᠶ ᠪᠤᠯᠭᠠᠪᠠ᠃ ᠭᠤᠣᠯᠳᠠᠭᠤ ᠴᠠᠭᠠᠵᠠᠯᠠᠯ ᠢ ᠵᠥᠷᠢᠴᠡᠭᠰᠡᠨ᠂ ᠰᠦᠷᠳᠡᠭᠦᠯᠦᠯ ᠢ ᠵᠥᠷᠢᠴᠡᠭᠰᠡᠨ᠂ ᠱᠠᠯᠢᠭ ᠵᠠᠪᠬᠠᠢ᠂ ᠬᠦᠴᠦᠷᠬᠡᠭᠯᠡᠯ᠂ ᠹᠧᠣᠳᠠᠯ ᠤᠨ ᠮᠤᠬᠤᠷ ᠪᠢᠰᠢᠷᠡᠯ ᠵᠡᠷᠭᠡ ᠡᠷᠡᠭᠦᠯ ᠪᠤᠰᠤ ᠰᠣᠶᠣᠯ ᠤᠨ ᠠᠭᠤᠯᠭ᠎ᠠ ᠲᠠᠢ ᠬᠠᠤᠯᠢ ᠪᠤᠰᠤ ᠨᠣᠮ ᠪᠢᠴᠢᠭ᠂ ᠰᠣᠨᠢᠨ ᠰᠡᠳᠬᠦᠯ᠂ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ ᠪᠠ ᠬᠤᠯᠠᠭᠠᠶᠢᠯᠠᠨ ᠬᠡᠪᠯᠡᠭᠰᠡᠨ ᠨᠣᠮ ᠰᠡᠳᠬᠦᠯ ᠪᠠᠶᠢᠬᠤ ᠡᠰᠡᠬᠦ ᠶᠢ ᠪᠠᠶᠢᠴᠠᠭᠠᠵᠤ᠂ ᠡᠷᠬᠡ ᠣᠯᠭᠤᠭᠰᠠᠨ ᠦᠭᠡᠢ ᠪᠠᠷ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠠᠭᠤᠯᠭ᠎ᠠ ᠶᠢ ᠬᠡᠷᠡᠭᠯᠡᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠢᠴᠢᠭ ᠤᠨ ᠡᠯᠧᠺᠲᠷᠣᠨ ᠡᠬᠢ ᠪᠠᠶᠠᠯᠢᠭ ᠢ ᠦᠢᠯᠡᠳᠬᠦ ᠪᠠ ᠪᠣᠷᠣᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠡᠭᠦᠨ ᠤ ᠬᠠᠮᠲᠤ ᠡᠵᠡᠩᠨᠡᠯᠲᠡ ᠶᠢᠨ ᠥᠮᠴᠢᠲᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠥᠮᠴᠢᠲᠡᠨ ᠤ ᠬᠠᠤᠯᠢ ᠶᠢ ᠰᠠᠬᠢᠵᠤ ᠡᠵᠡᠩᠨᠡᠬᠦ᠂ ᠪᠣᠯᠪᠠᠰᠤᠨ ᠢᠶᠠᠷ ᠡᠵᠡᠩᠨᠡᠬᠦ ᠤᠬᠠᠮᠰᠠᠷ ᠢ ᠲᠡᠭᠡᠭᠰᠢᠯᠡᠭᠦᠯᠪᠡ᠃ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ 1 ︵ᠤᠳᠠᠭ᠎ᠠ︶ ᠲᠡᠨᠦᠭᠦᠯ ᠬᠤᠳᠠᠯᠳᠤᠭᠠᠴᠢᠨ ᠢ ᠢᠯᠭᠠᠷᠠᠭᠤᠯᠤᠨ ᠴᠡᠪᠡᠷᠯᠡᠵᠦ᠂ 30 ᠭᠠᠷᠤᠢ ᠬᠡᠪᠯᠡᠭᠳᠡᠬᠦᠨ ᠤ ᠵᠠᠬ᠎ᠠ ᠳᠡᠯᠭᠡᠭᠦᠷ ᠢ ᠪᠠᠶᠢᠴᠠᠭᠠᠵᠤ᠂ ᠤᠯᠤᠰ ᠲᠥᠷᠥ ᠶᠢᠨ ᠬᠡᠪᠯᠡᠭᠳᠡᠬᠦᠨ ᠢ ᠬᠠᠤᠯᠢ ᠪᠤᠰᠤ ᠪᠣᠷᠣᠯᠠᠭᠤᠯᠤᠭᠰᠠᠨ᠂ ᠬᠡᠪᠯᠡᠭᠰᠡᠨ ᠪᠠ ᠲᠠᠷᠬᠠᠭᠠᠭᠰᠠᠨ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠷᠡᠭᠦᠯᠦᠭᠰᠡᠨ ᠦᠭᠡᠢ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠯᠠᠭᠤᠴᠤᠳ ᠪᠠᠭᠠᠴᠤᠳ ᠤᠨ ᠬᠡᠪᠯᠡᠯ ᠤᠨ ᠡᠷᠬᠡ ᠶᠢ ᠬᠠᠮᠠᠭᠠᠯᠠᠬᠤ ᠪᠠ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ · ᠴᠢᠬᠢ ᠮᠣᠳᠣ ᠶᠢ ᠬᠠᠮᠠᠭᠠᠯᠠᠶ᠎ᠠ︾ ᠲᠤᠰᠬᠠᠢ ᠠᠵᠢᠯᠯᠠᠭ᠎ᠠ ᠶᠢ ᠤᠶᠠᠯᠳᠤᠭᠤᠯᠵᠤ᠂ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠦᠬᠦ ᠰᠢᠶᠠᠨ ᠤ ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠵᠤ ᠵᠢᠷᠤᠮᠵᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠰᠠᠶᠢᠨ ᠰᠠᠶᠢᠬᠠᠨ ᠬᠡᠪᠯᠡᠯ ᠤᠨ ᠡᠷᠬᠡ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠴᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1