ᠲᠣᠭᠲᠠᠬᠤ ᠰᠢᠶᠠᠨ᠄ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡ ᠦᠨᠳᠦᠰᠦᠨ ᠱᠠᠲᠤᠨ ᠳᠤ ᠣᠷᠣᠵᠤ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/13
      ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠭᠲᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮᠴᠢᠯᠡᠭᠡ ᠶᠢᠨ ᠪᠠᠳᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠣᠶᠢᠯᠠᠭᠠᠬᠤ ᠨᠣᠷᠮ᠎ᠠ ᠪᠠ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢᠨ ᠲᠥᠬᠦᠮ ᠲᠦᠷᠭᠡᠨ᠂ ᠪᠥᠬᠦ ᠤᠯᠤᠰ ᠲᠤ ᠨᠡᠶᠢᠳᠡᠮ ᠬᠡᠷᠡᠭᠯᠡᠬᠦ᠂ ᠬᠡᠷᠡᠭᠯᠡᠯᠲᠡ ᠡᠯᠪᠡᠭ ᠪᠠᠶᠠᠯᠢᠭ᠂ ᠠᠮᠤᠷ ᠲᠦᠪᠰᠢᠨ ᠨᠠᠶᠢᠳᠠᠪᠤᠷᠢᠲᠠᠢ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠣᠶᠢᠷ᠎ᠠ ᠳᠤ᠂ ᠲᠤᠭᠳᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠥᠪ ᠨᠢ ᠲᠤᠭᠳᠠᠬᠤ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠲᠠᠨ ᠵᠣᠬᠢᠶᠠᠨ ᠪᠠᠶᠢᠭᠤᠯᠵᠤ ᠱᠤᠸᠠᠩ ᠾᠧ ᠨᠡᠶᠢᠭᠡᠮ ᠲᠣᠭᠤᠷᠢᠭ ᠲᠤ ᠪᠠᠭᠤᠵᠤ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠪᠦᠲᠦᠭᠡᠵᠦ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠤᠭ ᠰᠠᠨᠠᠭ᠎ᠠ ᠪᠠᠨ ᠦᠢᠯᠡᠳᠦᠯᠭᠡᠵᠢᠭᠦᠯᠬᠦ︾ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠨᠢ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠭᠠᠷ ᠳᠡᠪᠲᠡᠷ ᠵᠡᠷᠭᠡ ᠬᠡᠯᠪᠡᠷᠢ ᠪᠠᠷ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠡᠭᠦᠨ ᠤ ᠬᠠᠮᠲᠤ ᠲᠤᠭᠳᠠᠬᠤ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠵᠣᠬᠢᠶᠠᠨ ᠪᠠᠶᠢᠭᠤᠯᠤᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠤᠷ ᠲᠤ ᠢᠷᠡᠭᠰᠡᠨ ᠣᠯᠠᠨ ᠲᠦᠮᠡᠨ ᠢ ᠬᠠᠪᠰᠤᠷᠤᠨ ᠴᠢᠰᠤᠨ ᠰᠢᠬᠢᠷ᠂ ᠴᠢᠰᠤᠨ ᠳᠠᠷᠤᠯᠲᠠ ᠶᠢ ᠨᠢ ᠬᠡᠮᠵᠢᠪᠡ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠬᠥᠮᠥᠨ ᠣᠯᠠᠨ ᠴᠤᠭᠯᠠᠷᠠᠵᠤ᠂ ᠠᠰᠠᠭᠤᠨ ᠯᠠᠪᠯᠠᠬᠤ ᠪᠠᠷ ᠢᠷᠡᠭᠰᠡᠨ ᠣᠯᠠᠨ ᠲᠦᠮᠡᠨ ᠲᠠᠰᠤᠷᠠᠯᠲᠠ ᠦᠭᠡᠢ ᠴᠤᠪᠤᠷᠠᠵᠤ᠂ ᠠᠵᠢᠯᠲᠠᠳ ᠬᠠᠯᠠᠭᠤᠮᠰᠤᠭ ᠢᠶᠠᠷ᠂ ᠲᠤᠰᠬᠠᠢ ᠮᠡᠷᠭᠡᠵᠢᠯ ᠢᠶᠠᠷ ᠣᠯᠠᠨ ᠲᠦᠮᠡᠨ ᠤ ᠠᠩᠬᠠᠷᠴᠤ ᠪᠠᠶᠢᠭ᠎ᠠ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠢ ᠲᠤᠬᠠᠢ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ᠂ ᠣᠯᠠᠨ ᠲᠦᠮᠡᠨ ᠳᠤ ᠡᠮᠴᠢᠯᠡᠭᠡ ᠶᠢᠨ ᠪᠠᠳᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠳᠠᠭᠠᠳᠬᠠᠯ ᠳᠤ ᠣᠷᠣᠯᠴᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠤᠨ ᠡᠮᠴᠢᠯᠡᠭᠡ ᠶᠢᠨ ᠪᠠᠳᠤᠯᠠᠭ᠎ᠠ ᠶᠢᠨ ᠲᠥᠪ ᠤᠨ ᠠᠵᠢᠯᠲᠠᠨ ︽ᠭᠠᠷ ᠭᠠᠷ ᠢᠶᠠᠨ ᠬᠤᠯᠪᠣᠯᠴᠠᠨ︾ ᠰᠠᠭᠤᠭᠠᠯᠢ ᠠᠷᠠᠳ ᠲᠤ ᠡᠮᠴᠢᠯᠡᠭᠡ ᠶᠢᠨ ᠪᠠᠳᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠪᠠ ᠬᠡᠷᠡᠭᠯᠡᠬᠦ ᠠᠷᠭ᠎ᠠ ᠶᠢ ᠲᠠᠶᠢᠯᠪᠤᠷᠢᠯᠠᠨ ᠥᠭᠴᠦ᠂ ᠡᠯᠧᠺᠲᠷᠣᠨ ᠦᠢᠯᠡᠳᠬᠦᠨ ᠢ ᠰᠠᠶᠢᠨ ᠮᠡᠳᠡᠬᠦ ᠦᠭᠡᠢ ᠨᠠᠰᠤᠲᠠᠶᠢᠴᠤᠳ ᠲᠤ ᠡᠮᠴᠢᠯᠡᠭᠡ ᠶᠢᠨ ᠪᠠᠳᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ ᠶᠢ ᠵᠢᠭᠠᠨ ᠵᠢᠯᠤᠭᠤᠳᠴᠤ᠂ ︽ᠬᠥᠮᠥᠨ ᠪᠣᠯᠭᠠᠨ ᠠᠮᠢᠯᠠᠭᠤᠯᠵᠤ᠂ ᠬᠥᠮᠥᠨ ᠪᠣᠯᠭᠠᠨ ᠬᠡᠷᠡᠭᠯᠡᠵᠦ ᠴᠢᠳᠠᠬᠤ︾ ᠶᠢ ᠦᠨᠡᠨ ᠬᠦ ᠪᠠᠳᠤᠯᠠᠪᠠ᠃ ᠤᠬᠠᠭᠤᠯᠭ᠎ᠠ ᠶᠢᠨ ᠳᠤᠮᠳᠠ᠂ ᠠᠵᠢᠯᠲᠠᠳ ᠰᠠᠭᠤᠭᠠᠯᠢ ᠠᠷᠠᠳ ᠲᠤ ᠣᠨᠳᠣᠣ ᠭᠠᠵᠠᠷ ᠲᠤ ᠡᠪᠡᠳᠴᠢᠨ ᠦᠵᠡᠭᠦᠯᠬᠦ ᠳᠤ ᠬᠡᠷᠬᠢᠨ ᠲᠠᠩᠰᠠ ᠲᠠᠶᠢᠯᠬᠤ ᠵᠡᠷᠭᠡ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠡᠮᠴᠢᠯᠡᠭᠡ ᠶᠢᠨ ᠪᠠᠳᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠪᠠᠷ ᠳ᠋ᠦᠩᠨᠡᠨ ᠪᠤᠳᠤᠬᠤ ᠦᠢᠯᠡᠴᠢᠯᠡᠭᠡ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠲᠡᠳᠡᠨ ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠭᠦᠢᠴᠡᠳ ᠠᠭᠤᠰᠤᠯᠴᠠᠭᠰᠠᠨ ᠡᠮᠴᠢᠯᠡᠭᠡ ᠶᠢᠨ ᠪᠠᠳᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠪᠡᠶᠡᠴᠢᠯᠡᠨ ᠣᠶᠢᠯᠠᠭᠠᠭᠤᠯᠵᠤ᠂ ᠰᠠᠭᠤᠭᠠᠯᠢ ᠠᠷᠠᠳ ᠢ ᠰᠠᠨᠠᠭ᠎ᠠ ᠠᠮᠤᠷ ᠮᠥᠷᠲᠡᠭᠡᠨ ᠳᠥᠭᠦᠮ ᠳᠥᠲᠡ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠥᠪ ᠨᠢ ᠡᠮᠴᠢᠯᠡᠭᠡ ᠶᠢᠨ ᠪᠠᠳᠤᠯᠠᠭ᠎ᠠ ᠶᠢᠨ ᠡᠯᠧᠺᠲᠷᠣᠨ ᠭᠡᠷᠡᠴᠢ ᠪᠠᠷᠢᠮᠲᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ︾ ᠶᠢᠨ ᠨᠡᠶᠢᠭᠡᠮ ᠤᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠪᠠᠳᠠᠷᠠᠭᠤᠯᠵᠤ᠂ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ ᠢ ᠨᠡᠮᠡᠭᠳᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1