ᠦᠱᠸᠡᠨ ᠲᠣᠮᠢᠯᠠᠭᠰᠠᠨ ᠰᠠᠯᠪᠤᠷᠢ᠄ ᠨᠠᠰᠤᠳᠠᠶᠢᠴᠤᠳ ᠤᠨ ᠭᠡᠷ ᠲᠤᠨᠢ ᠬᠦᠷᠴᠦ  ᠦᠢᠯᠡᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2023/11/14
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠱᠸᠡᠨ ᠲᠣᠮᠢᠯᠠᠭᠰᠠᠨ ᠰᠠᠯᠪᠤᠷᠢ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠨ ᠲᠦᠮᠡᠨ ᠤ ᠠᠰᠢᠭ ᠲᠤᠰᠠ ᠶᠢ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ᠪᠠᠴᠢᠮᠳᠠᠨ ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠤᠨ ᠭᠦᠨᠴᠡ ᠶᠢ ᠰᠢᠯᠭᠠᠵᠤ᠂ ᠬᠦᠴᠢᠷ ᠶᠠᠪᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠢ ᠰᠠᠶᠢᠲᠤᠷ ᠬᠢᠬᠦ ᠪᠠᠷ ᠳᠠᠮᠵᠢᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠡᠢ᠃
     ᠣᠶᠢᠷ᠎ᠠ ᠳᠤ᠂ ᠦᠱᠸᠡᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠦᠨ ᠾᠧ ᠡᠳᠦᠷ ᠲᠤᠲᠤᠮ ᠤᠨ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠳᠤᠮᠳᠠ ᠪᠠᠨ᠂ ᠬᠠᠷᠢᠶᠠᠲᠤ ᠣᠷᠣᠨ ᠤ 75 ᠨᠠᠰᠤᠲᠠᠢ ᠳ᠋ᠦ᠋ ᠣᠪᠣᠭᠲᠤ ᠶᠢᠨ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠳᠡᠭᠡᠷᠡᠬᠢ ᠭᠠᠵᠠᠷ ᠰᠢᠷᠣᠢ ᠶᠢᠨ ᠮᠦ ᠶᠢᠨ ᠲᠤᠭ᠎ᠠ ᠨᠢ ᠲᠠᠭᠠᠷᠠᠬᠤ ᠦᠭᠡᠢ᠂ ᠰᠢᠶᠠᠨ ᠳᠤ ᠣᠴᠢᠵᠤ ᠵᠠᠯᠠᠷᠠᠭᠤᠯᠬᠤ ᠭᠠᠷ ᠭᠦᠢᠴᠡᠳᠬᠡᠯ ᠬᠢᠬᠦ ᠴᠢᠬᠤᠯᠠᠲᠠᠢ ᠪᠠᠶᠢᠬᠤ ᠶᠢ ᠣᠶᠢᠯᠠᠭᠠᠭᠰᠠᠨ ᠪᠣᠯᠪᠠᠴᠤ ᠳ᠋ᠦ᠋ ᠣᠪᠣᠭᠲᠤ ᠬᠥᠳᠡᠯᠵᠦ ᠪᠠᠷᠢᠬᠤ ᠳᠤ ᠳᠥᠭᠦᠮ ᠦᠭᠡᠢ᠂ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠤᠳᠠᠲᠠᠯ᠎ᠠ ᠵᠠᠯᠠᠷᠠᠭᠤᠯᠤᠭᠰᠠᠨ ᠦᠭᠡᠢ᠃ ᠶᠦᠨ ᠾᠧ ᠨᠥᠬᠦᠷ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠨᠠᠰᠤᠲᠠᠨ ᠤ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠬᠤᠪᠢᠷᠠᠭᠤᠯᠬᠤ ᠶᠠᠪᠤᠳᠠᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠨ ᠪᠠᠶᠢᠨ᠎ᠠ᠃ ᠡᠭᠦᠨ ᠠᠴᠠ ᠰᠡᠭᠦᠯᠡᠷ᠂ ᠶᠦᠨ ᠾᠧ ᠨᠥᠬᠦᠷ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠣᠯᠣᠨ ᠨᠠᠰᠤᠲᠠᠨ ᠤ ᠳᠤᠮᠳᠠ ᠬᠡᠲᠦ ᠤᠳᠠᠭ᠎ᠠ ᠨᠠᠰᠢ ᠴᠠᠰᠢ ᠶᠠᠪᠤᠵᠤ ᠂ ᠭᠤᠶᠤᠴᠢᠯᠠᠯ ᠳᠡᠪᠰᠢᠭᠦᠯᠬᠦ ᠠᠴᠠ ᠮᠠᠲ᠋ᠧᠷᠢᠶᠠᠯ ᠴᠤᠭᠯᠠᠭᠤᠯᠬᠤ᠂ ᠭᠠᠵᠠᠷ ᠰᠢᠷᠣᠢ ᠶᠢᠨ ᠮᠡᠳᠡᠭᠡ ᠵᠠᠩᠭᠢ ᠶᠢ ᠬᠠᠷᠭᠤᠭᠤᠯᠬᠤ᠂ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠬᠦᠷᠲᠡᠯ᠎ᠡ᠂ ᠰᠠᠷ᠎ᠠ ᠰᠢᠬᠠᠮ ᠤᠨ ᠴᠢᠷᠮᠠᠶᠢᠯᠭ᠎ᠠ ᠪᠠᠷ ᠳᠡᠮᠵᠢᠨ᠂ ᠡᠴᠦᠰ ᠲᠡᠭᠡᠨ ᠨᠠᠰᠤᠲᠠᠨ ᠢ ᠬᠠᠪᠰᠤᠷᠤᠨ ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ︾ ᠢ ᠵᠠᠯᠠᠷᠠᠭᠤᠯᠬᠤ ᠶᠢᠨ ᠬᠠᠮᠲᠤ ᠰᠢᠨ᠎ᠡ ᠦᠨᠡᠮᠯᠡᠯ ᠢ ᠨᠠᠰᠤᠲᠠᠨ ᠤ ᠳᠤᠮᠳᠠ ᠬᠦᠷᠭᠡᠵᠦ ᠥᠭᠭᠦᠭᠰᠡᠨ ᠪᠠᠶᠢᠨ᠎ᠠ᠃      ︽ᠬᠥᠳᠡᠭᠡ ᠲᠣᠰᠬᠤᠨ ᠤ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ   ᠶᠢᠨ ᠦᠨᠡᠮᠯᠡᠯ︾ ᠢ ᠰᠢᠨ᠎ᠡ ᠪᠠᠷ ᠭᠠᠷᠳᠠᠭᠰᠠᠨ ᠳᠤ ᠨᠠᠰᠤᠲᠠᠨ᠄ ︽ᠲᠠ ᠨᠠᠷ ᠲᠤ ᠮᠠᠰᠢ ᠲᠠᠯᠠᠷᠬᠠᠵᠤ ᠪᠠᠶᠢᠨ᠎ᠠ᠂ ᠲᠡᠶᠢᠮᠦ ᠪᠢᠰᠢ ᠪᠣᠯ ᠪᠢ ᠬᠥᠳᠡᠯᠵᠦ ᠪᠠᠷᠢᠬᠤ ᠳᠤ ᠳᠥᠭᠦᠮ ᠦᠭᠡᠢ᠂ ᠰᠢᠨ᠎ᠡ ᠦᠨᠡᠮᠯᠡᠯ ᠢ ᠬᠡᠵᠢᠶ᠎ᠡ ᠬᠢᠵᠦ ᠳᠡᠶᠢᠯᠬᠦ ᠶᠢ ᠦᠨᠡᠬᠡᠷ ᠮᠡᠳᠡᠬᠦ ᠦᠭᠡᠢ︾ ᠭᠡᠵᠦ ᠲᠠᠯᠠᠷᠬᠠᠨ ᠬᠡᠯᠡᠵᠡᠢ᠃      ᠤᠯᠠᠨ ᠲᠦᠮᠡᠨ ᠤ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ︔ ᠦᠨᠡᠨ ᠰᠡᠳᠬᠢᠯᠭᠡ ᠪᠠᠷ ᠢᠶᠠᠨ ᠪᠣᠳᠠᠲᠤ ᠶᠠᠪᠤᠳᠠᠯ ᠪᠦᠳᠦᠭᠡᠨ᠎ᠡ᠃ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠦᠱᠸᠡᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠷᠠᠳ ᠲᠦᠮᠡᠨ ᠤ ᠲᠥᠯᠥᠭᠡ ᠬᠢᠭᠰᠡᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠷᠠᠳ ᠤᠨ ᠴᠠᠭᠳᠠᠭ᠎ᠠ ᠪᠣᠯᠣᠨ ᠤᠯᠠᠨ ᠲᠦᠮᠡᠨ ᠤ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠯᠠᠨ ᠲᠦᠮᠡᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠠᠷᠠᠳ ᠲᠦᠮᠡᠨ ᠳᠤ ᠦᠢᠯᠡᠴᠢᠯᠡᠬᠦ ᠦᠨᠡᠨᠴᠢ ᠣᠪᠣᠷ ᠢ ᠦᠨᠡᠨ ᠬᠦ ᠮᠡᠳᠡᠷᠡᠭᠦᠯᠵᠦ᠂ ᠤᠯᠠᠨ ᠲᠦᠮᠡᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1