ᠲᠣᠭᠲᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠄ ᠨᠡᠶᠢᠭᠡᠮ ᠲᠣᠭᠤᠷᠢᠭ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠢ ᠦᠷᠨᠢᠭᠦᠯᠪᠡ
ᠨᠡᠶᠢᠲᠡᠯᠡᠭᠰᠡᠨ ᠴᠠᠭ᠄
2023/11/14
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯ ᠤᠨ ᠲᠤᠬᠠᠢ ᠨᠡᠶᠢᠭᠡᠮ ᠳᠠᠶᠠᠭᠠᠷ ᠤᠨ ᠲᠠᠨᠢᠯᠲᠠ ᠪᠠ ᠣᠷᠤᠯᠴᠠᠯᠭ᠎ᠠ ᠶᠢᠨ ᠬᠡᠮᠵᠢᠶ᠎ᠡ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠦᠯᠦᠭᠡ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠣᠶᠢᠷ᠎ᠠ ᠳᠤ᠂  ᠲᠤᠭᠳᠠᠬᠤ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠨᠢ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠢᠶᠠᠷ ᠲᠣᠭᠤᠷᠢᠨ ᠦᠵᠡᠬᠦ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠤᠨ ᠭᠡᠷ ᠪᠦᠯᠢ᠂ ᠠᠵᠢᠯᠯᠠᠵᠤ ᠪᠠᠶᠢᠭ᠎ᠠ ᠭᠠᠵᠠᠷ ᠣᠷᠣᠨ ᠳᠤ ᠭᠦᠨᠵᠡᠭᠡᠶᠢᠷᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠡᠢ᠃
     ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯᠲᠠᠳ ︽ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠤᠯᠢ︾ ᠳᠠᠬᠢ ᠬᠢᠨᠠᠯᠲᠠ ᠬᠠᠮᠢᠶᠠᠷᠤᠯᠲᠠ ᠶᠢᠨ ᠬᠡᠰᠡᠭ ᠤᠨ ᠲᠣᠭᠲᠠᠭᠠᠯ᠂ ᠭᠤᠣᠯ ᠠᠭᠤᠯᠭ᠎ᠠ᠂ ᠬᠡᠷᠡᠭᠯᠡᠬᠦ ᠬᠡᠪᠴᠢᠶ᠎ᠡ ᠵᠡᠷᠭᠡ ᠲᠠᠯ᠎ᠠ ᠪᠠᠷ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠲᠤ ᠭᠤᠣᠯᠳᠠᠯᠭ᠎ᠠ ᠲᠠᠢ ᠲᠠᠶᠢᠯᠪᠤᠷᠢᠯᠠᠯᠲᠠ ᠬᠢᠪᠡ᠃
     ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠳᠡᠷᠭᠡᠳᠡᠬᠢ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠲᠣᠭᠠᠴᠢᠨ ᠶᠠᠷᠢᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠲᠣᠭᠲᠠᠭᠠᠯ ᠢ ᠵᠥᠷᠢᠴᠡᠭᠰᠡᠨ ᠬᠦᠨᠳᠦ ᠨᠣᠴᠢᠲᠠᠢ ᠦᠷ᠎ᠡ ᠳ᠋ᠦᠩ ᠢ ᠣᠶᠢᠯᠠᠭᠠᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠠᠷᠢᠶ᠎ᠠ ᠣᠷᠣᠨ ᠤ ᠬᠠᠤᠯᠢ ᠪᠠᠷᠢᠬᠤ ᠭᠠᠵᠠᠷ ᠤᠨ ᠡᠳᠦᠷ ᠲᠤᠲᠤᠮ ᠤᠨ ᠬᠢᠨᠠᠨ ᠬᠠᠮᠢᠶᠠᠷᠬᠤ ᠰᠤᠷᠭᠠᠨ ᠬᠥᠮᠦᠵᠢᠯ ᠤᠨ ᠠᠵᠢᠯ ᠳᠤ ᠨᠠᠩ ᠰᠠᠶᠢᠲᠤᠷ ᠬᠠᠮᠵᠢᠯᠴᠠᠭᠤᠯᠬᠤ ᠬᠡᠷᠡᠭᠲᠡᠢ᠃ ᠡᠭᠦᠨ ᠠᠴᠠ ᠭᠠᠳᠠᠨ᠎ᠠ ᠪᠠᠰᠠ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠭᠡᠷ ᠪᠦᠯᠢ ᠶᠢᠨ ᠬᠢᠨ ᠳᠤ ︽ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠤᠯᠢ︾ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠭᠡᠷ ᠪᠦᠯᠢ ᠶᠢᠨ ᠬᠢᠨ ᠳᠤ ᠬᠢᠨᠠᠨ ᠬᠠᠮᠠᠭᠠᠯᠠᠭᠴᠢ ᠪᠣᠯᠤᠭᠰᠠᠨ ᠤ ᠬᠤᠪᠢ ᠳᠤ ᠰᠠᠨᠠᠭᠠᠴᠢᠯᠠᠭ᠎ᠠ ᠠᠴᠠ ᠪᠠᠨ ᠬᠠᠤᠯᠢ ᠴᠠᠭᠠᠵᠠ ᠶᠢᠨ ᠭᠠᠵᠠᠷ ᠢ ᠬᠠᠮᠵᠢᠨ ᠵᠠᠯᠠᠷᠠᠭᠤᠯᠬᠤ ᠡᠲᠡᠭᠡᠳ ᠲᠤ ᠬᠢᠨᠠᠯᠲᠠ ᠲᠠᠯᠪᠢᠬᠤ ᠪᠠ ᠰᠤᠷᠭᠠᠨ ᠬᠥᠮᠥᠵᠢᠭᠦᠯᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠭᠡᠷ ᠪᠦᠯᠢ ᠶᠢᠨ ᠬᠢᠨ ᠤ ᠵᠠᠯᠠᠷᠠᠭᠤᠯᠬᠤ ᠳᠤᠭᠤᠶᠢᠯᠠᠩ ᠳᠠᠬᠢ ᠦᠢᠯᠡᠳᠦᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠶᠢ ᠬᠢᠨᠠᠨ ᠬᠠᠮᠢᠶᠠᠷᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠳᠡᠭ ᠢ ᠣᠶᠢᠯᠠᠭᠠᠭᠤᠯᠪᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1