ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ | ᠰᠢᠶᠠᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠪᠠ ᠠᠭᠤᠳᠠᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠦᠬᠡ ᠰᠣᠶᠣᠯ ᠤᠨ | ᠰᠤᠳᠠᠰᠤ ᠶᠢ ᠤᠯᠠᠮᠵᠢᠯᠠᠨ ᠵᠠᠯᠭᠠᠮᠵᠢᠯᠠᠬᠤ᠂ ᠠᠷᠠᠳ ᠲᠦᠮᠡᠨ ᠢ ᠳᠠᠭᠠᠭᠤᠯᠤᠨ ᠪᠠᠶᠠᠵᠢᠭᠤᠯᠬᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ | ᠤᠯᠠᠮᠵᠢᠯᠠᠬᠤ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ | ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠬᠦᠴᠦᠨ ᠪᠠ ᠰᠢᠨ᠎ᠡ ᠠᠮᠢᠵᠢᠷᠠᠯ ᠤᠨ ᠬᠦᠴᠦᠨ ᠢ | ᠬᠥᠭᠵᠢᠭᠡᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠴᠢᠷᠮᠠᠶᠢᠨ ᠠᠬᠢᠭᠤᠯᠪᠠ᠃ | 11 ᠳ᠋ᠤᠭᠡᠷ ᠰᠠᠷ᠎ᠠ ᠶᠢᠨ 21 ᠤ ᠡᠳᠦᠷ ᠤᠨ ᠥᠷᠯᠥᠭᠡ᠂ ᠲᠣᠭᠲᠠᠬᠤ ᠰᠢᠶᠠᠨ ᠤ ᠬᠠᠲᠤᠨ ᠭᠤᠣᠯ ᠤᠨ | ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠾᠧ ᠺᠧᠦ ᠲᠣᠰᠬᠤᠨ ᠤ ᠭᠠᠷ ᠤᠷᠠᠯᠠᠯ ᠤᠨ | ᠬᠤᠷᠰᠢᠶᠠᠨ ᠤ ᠬᠢᠨ ᠬᠡᠰᠡᠭ ᠬᠡᠰᠡᠭ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠨᠠᠰᠢ ᠴᠠᠰᠢ ᠵᠣᠷᠴᠢᠭᠴᠢᠳ | ᠲᠠᠰᠤᠷᠠᠯᠲᠠ ᠦᠭᠡᠢ ᠴᠤᠪᠤᠷᠠᠵᠤ ᠪᠠᠶᠢᠯ᠎ᠠ᠃ ᠭᠠᠷ ᠤᠷᠠᠯᠠᠯ ᠤᠨ ᠦᠢᠯᠡᠳᠬᠡᠯ ᠤᠨ ᠭᠠᠵᠠᠷ ᠲᠤ ᠣᠷᠣᠬᠤ ᠳᠤ᠂ | ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠣᠣᠪᠤ ᠶᠢᠨ ᠤᠯᠠᠮᠵᠢᠯᠠᠭᠴᠢ ᠶᠠᠩ ᠰᠢᠶᠣᠣ | ᠵᠢᠤᠸᠠᠨ ᠶᠠᠭ ᠰᠠᠶᠢᠬᠠᠨ ᠪᠣᠯᠪᠠᠰᠤᠷᠠᠩᠭᠤᠢ ᠪᠠᠷ ᠪᠣᠣᠪᠤ ᠬᠢᠵᠦ ᠪᠠᠶᠢᠨ᠎ᠠ᠃ ᠠᠵᠢᠯᠯᠠᠬᠤ ᠲᠠᠶᠢᠰᠠᠨ ᠳᠡᠭᠡᠷ᠎ᠡ ᠨᠢᠭᠡᠨᠲᠡ | ᠬᠢᠭᠰᠡᠨ ᠬᠤᠸᠠᠷ ᠲᠠᠢ ᠪᠣᠣᠪᠤ ᠶᠢᠨ ᠥᠩᠭᠡ ᠪᠤᠳᠤᠭ ᠨᠢ ᠬᠤᠷᠴᠠ ᠰᠣᠷᠭᠤᠭ᠂ ᠬᠡᠯᠪᠡᠷᠢ ᠳᠦᠷᠰᠦ ᠨᠢ ᠪᠠᠶᠠᠯᠢᠭ᠂ | ᠬᠡᠯᠡᠨ ᠤ ᠦᠵᠦᠭᠦᠷ ᠲᠠᠬᠢ ︽ᠤᠷᠠᠯᠢᠭ ᠤᠨ ᠪᠦᠲᠦᠭᠡᠯ︾ ᠰᠢᠭ ᠪᠠᠶᠢᠳᠠᠭ᠃ | ᠵᠢᠷᠤᠭ ᠪᠣᠯ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠡᠴᠡᠭᠲᠦ ᠮᠠᠨᠲᠠᠤ ᠶᠢᠨ | ᠤᠯᠠᠮᠵᠢᠯᠠᠭᠴᠢ ᠶᠠᠩ ᠰᠢᠶᠣᠣ ᠵᠢᠤᠸᠠᠨ ᠰᠠᠶ᠋ᠢᠬᠠᠨ ᠵᠢᠩᠨᠡᠭᠰᠡᠨ ᠴᠡᠴᠡᠭᠲᠦ ᠮᠠᠨᠲᠠᠤ ᠶᠢ ᠡᠮᠬᠢᠯᠡᠵᠦ ᠪᠠᠶᠢᠭ᠎ᠠ ᠨᠢ | ᠾᠧ ᠺᠧᠦ ᠲᠣᠰᠬᠤᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠬᠠᠮᠤᠭ ᠤᠨ ᠲᠥᠪᠯᠡᠷᠡᠭᠰᠡᠨ᠂ ᠪᠣᠳᠠᠰ ᠤᠨ ᠪᠤᠰᠤ ᠰᠣᠶᠣᠯ ᠤᠨ ᠥᠪ ᠤᠨ | ᠡᠬᠢ ᠪᠠᠶᠠᠯᠢᠭ ᠢᠶᠠᠷ ᠬᠠᠮᠤᠭ ᠤᠨ ᠡᠯᠪᠡᠭ ᠡᠷᠲᠡᠨ ᠤ ᠲᠣᠰᠬᠤᠨ ᠤ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠢᠶᠠᠷ ᠦᠨᠡᠯᠡᠭᠳᠡᠵᠦ᠂ ᠣᠲᠣ 10 | ᠭᠠᠷᠤᠢ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠶ᠂ ᠡᠭᠦᠨ ᠳᠤ ᠬᠤᠸᠠᠷᠲᠠᠢ | ᠮᠠᠨᠲᠠᠤ᠂ ᠳ᠋ᠧᠦᠹᠦ᠋᠂ ᠳ᠋ᠧᠩᠯᠦ ᠶᠢ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ | ᠪᠣᠯᠭᠠᠵᠤ᠂ ᠢᠰᠡᠭᠡᠢ᠂ ᠪᠤᠷᠭᠠᠰᠤᠨ ᠭᠦᠷᠦᠮᠡᠯ᠂ ᠪᠥᠰ ᠤᠷᠠᠯᠠᠯ ᠵᠡᠷᠭᠡ ᠶᠢ ᠰᠢᠶᠠᠨ ᠤ ᠲᠠᠰ ᠤᠨ ᠪᠣᠳᠠᠰ ᠤᠨ ᠪᠤᠰᠤ | ᠰᠣᠶᠣᠯ ᠤᠨ ᠦᠪ ᠲᠤ ᠤᠷᠤᠭᠤᠯᠪᠠ᠃ ᠣᠳᠣᠬᠠᠨ ᠳᠤ ᠲᠤᠰ ᠲᠣᠰᠬᠤᠨ ᠤ ᠬᠢᠨ ᠾᠧ ᠺᠧᠦ ᠲᠣᠰᠬᠤᠨ ᠤ | ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠢ ᠬᠦᠴᠦᠯᠡᠨ | ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠣᠯ ᠤᠳᠤᠷᠢᠳᠤᠮᠵᠢ ᠪᠣᠯᠭᠠᠨ ᠲᠣᠭᠤᠷᠢᠨ ᠦᠵᠡᠬᠦ᠂ | ᠦᠢᠯᠡᠳᠪᠦᠷᠢᠯᠡᠬᠦ᠂ ᠪᠡᠶᠡᠴᠢᠯᠡᠨ ᠣᠶᠢᠯᠠᠭᠠᠬᠤ ᠶᠢ ᠤᠶᠠᠯᠳᠤᠭᠤᠯᠵᠤ ᠲᠣᠭᠲᠠᠬᠤ ᠰᠢᠶᠠᠨ ᠤ ᠾᠧ ᠺᠧᠦ ᠡᠷᠲᠡᠨ ᠤ | ᠪᠠᠯᠭᠠᠰᠤ ᠶᠢᠨ ᠰᠣᠶᠣᠯ ᠢ ᠢᠯᠡᠷᠡᠭᠦᠯᠵᠦ ᠪᠤᠢ᠃ | ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ︽ᠮᠢᠩᠭᠠᠨ ᠣᠨ ᠤ ᠡᠷᠲᠡᠨ ᠤ ᠶᠦᠨ ᠵᠦᠩ᠂ ᠷᠢᠳᠢ | ᠰᠢᠳᠢ ᠲᠠᠢ ᠲᠣᠭᠲᠠᠬᠤ︾ ᠳᠦᠷᠢ ᠲᠥᠷᠬᠦ ᠶᠢᠨ ᠲᠣᠭᠤᠷᠢᠨ ᠳᠤ ᠪᠠᠶᠢᠷᠢ ᠲᠣᠭᠲᠠᠭᠠᠯᠲᠠ ᠬᠢᠵᠦ᠂ ᠬᠠᠲᠤᠨ | ᠭᠤᠣᠯ ᠤᠨ ︽几︾ ᠦᠰᠦᠭ ᠤᠨ ᠮᠤᠷᠤᠶᠢᠯᠲᠠ ᠶᠢᠨ ᠰᠣᠶᠣᠯ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ | ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠡᠯᠡᠭᠦᠴᠡᠨ ᠠᠮᠠᠷᠠᠬᠤ᠂ | ᠲᠠᠷᠢᠶᠠᠯᠠᠬᠤ ᠶᠢ ᠪᠡᠶᠡᠴᠢᠯᠡᠨ ᠣᠶᠢᠯᠠᠭᠠᠬᠤ᠂ ᠢᠳᠡᠭᠡᠨ ᠤᠮᠳᠠᠭᠠᠨ ᠵᠤᠭ᠎ᠠ ᠴᠡᠩᠭᠡᠯ ᠵᠡᠷᠭᠡ ᠲᠥᠷᠥᠯ ᠵᠦᠢᠯ ᠢ ᠨᠢᠭᠡ | ᠴᠣᠭᠴᠠᠵᠢᠭᠤᠯᠤᠭᠰᠠᠨ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ᠂ ᠲᠡᠦᠬᠡ ᠰᠣᠶᠣᠯ ᠤᠨ ᠵᠢᠭᠤᠯᠴᠢᠯᠠᠯ᠂ | ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠰᠣᠳᠣᠨ | ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠲᠣᠰ ᠭᠠᠵᠠᠷ ᠣᠷᠣᠨ ᠤ ᠪᠠᠨ ᠪᠣᠳᠠᠰ ᠤᠨ ᠪᠤᠰᠤ ᠥᠪ ᠤᠨ ᠡᠬᠢ | ᠪᠠᠶᠠᠯᠢᠭ ᠢ ᠴᠢᠷᠮᠠᠶᠢᠨ ᠠᠰᠢᠭᠯᠠᠵᠤ᠂ ᠣᠷᠣᠨ ᠤ ᠪᠠᠨ ᠡᠮᠦᠨᠡᠲᠦ ᠬᠡᠰᠡᠭ ᠤᠨ ᠬᠠᠲᠤᠨ ᠭᠤᠣᠯ ᠤᠨ ᠦᠵᠡᠮᠵᠢ ᠶᠢᠨ | ᠰᠣᠶᠣᠯ ᠤᠨ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ | ᠠᠬᠢᠭᠤᠯᠤᠨ᠎ᠠ᠃ | ᠵᠢᠷᠤᠭ ᠪᠣᠯ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠤᠣᠰ ᠬᠡᠷᠡᠮᠲᠦ | ᠶᠠᠩᠭᠠᠷ ᠦᠵᠡᠮᠵᠢ ᠶᠢᠨ ᠣᠷᠣᠨ ᠳᠤ ᠲᠣᠭᠯᠠᠵᠤ ᠪᠠᠶᠢᠭ᠎ᠠ ᠨᠢ | ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ | ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠲᠣᠭᠲᠠᠬᠤ ᠰᠢᠶᠠᠨ ᠤ ᠬᠠᠲᠤᠨ ᠭᠤᠣᠯ ᠤᠨ ᠮᠠᠢ ᠶᠧ ᠬᠥ᠋ ᠠᠮᠢ | ᠠᠬᠤᠢ ᠶᠢᠨ ᠰᠡᠯᠡᠭᠦᠴᠡᠯ ᠤᠨ ᠣᠷᠣᠨ ︵ᠤᠯᠤᠰ ᠤᠨ AAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︶ | ᠂ ᠣᠳᠣᠬᠠᠨ ᠳᠤ ᠨᠢᠭᠡᠨᠲᠡ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠦᠵᠡᠮᠵᠢ ᠶᠢᠨ ᠣᠷᠣᠨ ᠤ ᠬᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠲᠠᠷᠢᠶᠠᠯᠠᠩ ᠤᠨ ᠲᠣᠮᠣ | ᠦᠵᠡᠮᠵᠢ ᠶᠢᠨ ᠬᠦᠷᠢᠶᠡᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠵᠡᠭᠡᠯᠢ᠂ | ᠤᠳᠤᠮᠰᠢᠯ ᠤᠨ ᠪᠤᠰᠤ ᠳᠠᠳᠬᠠᠯ ᠵᠡᠷᠭᠡ ᠠᠯᠢ ᠣᠯᠠᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠡᠯᠭᠡᠨ | ᠦᠵᠡᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠬᠡᠯᠪᠡᠷᠢ ᠪᠠᠷ ᠵᠤᠭᠠᠴᠠᠭᠰᠠᠳ ᠲᠤ ᠲᠣᠭᠲᠠᠬᠤ ᠰᠢᠶᠠᠨ ᠤ ᠲᠣᠰ ᠭᠠᠵᠠᠷ | ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢ ᠲᠠᠨᠢᠯᠴᠠᠭᠤᠯᠬᠤ ᠪᠠ ᠤᠯᠠᠮᠵᠢᠯᠠᠵᠤ᠂ | ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠪᠠᠶᠢᠨ᠎ᠠ᠃ | ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠬᠠᠲᠤᠨ ᠭᠤᠣᠯ ᠲᠠᠢ ᠣᠶᠢᠷᠠᠯᠴᠠᠭ᠎ᠠ ᠪᠠᠶᠢᠭ᠎ᠠ ᠱᠧᠨ ᠴᠢᠤᠸᠠᠨ | ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠦᠵᠦᠮ᠂ ᠯᠠᠵᠤᠤ᠂ ᠬᠠᠲᠤᠨ ᠭᠤᠣᠯ ᠤᠨ ᠮᠥᠷᠭᠦ | ᠵᠢᠭᠠᠰᠤ ᠡᠯᠪᠡᠭ ᠭᠠᠷᠳᠠᠭ ᠲᠤ ᠲᠦᠰᠢᠭᠯᠡᠨ᠂ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠰ ᠢ ᠶᠡᠭᠡ ᠪᠠᠷ | ᠪᠣᠶᠢᠵᠢᠭᠤᠯᠤᠨ ᠬᠥᠭᠵᠢᠭᠦᠯᠬᠦ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠠᠭᠤᠰᠬᠠᠭᠰᠠᠨ | ᠪᠠᠶᠢᠨ᠎ᠠ᠂ ᠲᠠᠷᠢᠶᠠᠴᠢᠨ ᠠᠶᠢᠯ ᠤᠨ ᠵᠤᠭᠠᠴᠠᠯ ᠤᠨ ᠢᠳᠡᠭᠡᠨ ᠤᠮᠳᠠᠭᠠᠨ ᠤ ᠭᠤᠣᠯᠳᠠᠯᠭ᠎ᠠ ᠲᠠᠢ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠤᠨ ᠲᠤᠭᠳᠠᠬᠤ ᠰᠢᠶᠠᠨ ᠤ ᠴᠢᠨᠠᠭᠰᠠᠨ ᠵᠢᠭᠠᠰᠤ᠂ ᠲᠤᠭᠳᠠᠬᠤ ᠰᠢᠶᠠᠨ ᠤ | ᠱᠥᠯᠥ ᠲᠠᠢ ᠹᠧᠨᠲ᠋ᠢᠶᠤᠤᠷ᠂ ᠲᠤᠭᠳᠠᠬᠤ ᠰᠢᠶᠠᠨ ᠤ ᠳ᠋ᠧᠦᠹᠦ᠋ ᠵᠡᠷᠭᠡ ᠨᠢ ᠵᠤᠭᠠᠴᠠᠭᠰᠠᠳ ᠤᠨ ᠲᠠᠭᠠᠰᠢᠶᠠᠯ ᠢ ᠶᠡᠬᠡᠳᠡ | ᠣᠯᠵᠤ ᠪᠠᠶᠢᠨ᠎ᠠ᠃ 2023 ᠣᠨ ᠤ 1 ︱ 10 ᠰᠠᠷ᠎ᠠ ᠳᠤ᠂ 67 ᠡᠷᠦᠬᠡ ᠲᠠᠷᠢᠶᠠᠴᠢᠨ ᠠᠶᠢᠯ ᠤᠨ ᠵᠤᠭᠠᠴᠠᠯ | ᠵᠤᠭᠠᠴᠠᠭᠰᠠᠳ ᠢ ᠨᠡᠶᠢᠲᠡ 51.95 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ | ᠬᠢ ᠠᠴᠠ 103.7% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 5589 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 96.1% ᠪᠠᠷ ᠨᠡᠮᠡᠭᠳᠡᠪᠡ᠃ | ᠡᠨᠡ ᠵᠢᠯ᠂ ᠲᠣᠭᠲᠠᠬᠤ ᠰᠢᠶᠠᠨ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠲᠠᠢ | ᠤᠶᠠᠯᠳᠤᠭᠤᠯᠤᠨ᠂ ᠭᠠᠵᠠᠷ ᠣᠷᠣᠨ ᠤ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ | ᠬᠦᠴᠦᠯᠡᠨ ᠪᠤᠶ ᠪᠣᠯᠭᠠᠵᠤ᠂ 600 ᠭᠠᠷᠤᠢ ᠵᠢᠯ ᠤᠨ ᠲᠡᠦᠬᠡ ᠲᠠᠢ ᠳ᠋ᠦᠩ ᠱᠧᠩ ᠸᠧᠢ ᠬᠤᠲᠠ ᠶᠢᠨ ᠬᠡᠷᠡᠮ ᠤᠨ | ᠬᠤᠷᠮᠣᠢ ᠳᠤ ᠤᠮᠠᠷᠠᠲᠤ ᠬᠢᠯᠢ ᠶᠢᠨ ᠰᠣᠶᠣᠯ ᠤᠨ ᠤᠷᠲᠤ ᠬᠤᠩᠭᠢᠯ ᠪᠠᠶᠢᠭᠤᠯᠬᠤ ᠪᠠ ︽ᠲᠣᠭᠲᠠᠬᠤ ᠬᠠᠲᠤᠨ | ᠭᠤᠣᠯ ᠤᠨ ᠵᠢᠭᠠᠰᠤᠨ ᠤ ᠪᠠᠶᠠᠷ︾ ︽ᠲᠣᠭᠲᠠᠬᠤ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠪᠠᠶᠠᠷ︾ ︽ | ᠲᠣᠭᠲᠠᠬᠤ ᠦᠵᠦᠮ ᠤᠨ ᠪᠠᠶᠠᠷ︾ ︽ᠬᠠᠲᠤᠨ ᠭᠤᠣᠯ ᠤᠨ ᠯᠤᠤᠲᠤ ᠣᠩᠭᠤᠴᠠᠨ ᠤ ᠤᠷᠤᠯᠳᠤᠭᠠᠨ︾ ᠵᠡᠷᠭᠡ | ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠳᠤ ᠣᠷᠣᠭᠤᠯᠤᠭᠰᠠᠨ ᠬᠤᠣᠰ ᠬᠡᠷᠡᠮᠲᠦ ᠶᠠᠩᠭᠠᠷ᠂ ᠲᠣᠭᠲᠠᠬᠤ ᠳᠠᠭᠤᠤ᠂ | ᠾᠧᠢ ᠱᠦᠢ ᠴᠢᠤᠸᠠᠨ ᠱᠧᠦ ᠶᠠᠩ ᠬᠥ᠋᠂ ᠲᠣᠭᠲᠠᠬᠤ ᠰᠢᠶᠠᠨ ᠤ ᠴᠠᠭᠠᠰᠤᠨ ᠬᠠᠶᠢᠴᠢᠯᠠᠮᠠᠯ ᠵᠡᠷᠭᠡ ᠶᠢ ᠪᠠᠶᠠᠷ | ᠳᠤᠷᠠᠰᠬᠠᠯ ᠤᠨ ᠡᠳᠦᠷ ᠢᠶᠠᠷ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ | ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠵᠤ᠂ ᠵᠤᠭᠠᠴᠠᠭᠰᠠᠳ ᠲᠤ ᠲᠠᠯ᠎ᠠ ᠨᠤᠲᠤᠭ ᠤᠨ | ᠰᠣᠶᠣᠯ᠂ ᠬᠠᠲᠤᠨ ᠭᠤᠣᠯ ᠤᠨ ᠰᠣᠶᠣᠯ᠂ ᠲᠠᠷᠢᠶᠠᠯᠠᠬᠤ ᠰᠣᠶᠣᠯ ᠤᠨ ᠲᠣᠭᠲᠠᠬᠤ ᠭᠠᠵᠠᠷ ᠣᠷᠣᠨ ᠳᠠᠬᠢ | ᠰᠣᠯᠢᠯᠴᠠᠭ᠎ᠠ ᠠᠭᠤᠰᠤᠯᠴᠠᠯ ᠢ ᠮᠡᠳᠡᠷᠡᠭᠦᠯᠵᠦ᠂ ᠣᠯᠠᠨ ᠲᠦᠮᠡᠨ ᠤ ᠰᠣᠶᠣᠯ ᠤᠨ ᠢᠲᠡᠭᠡᠯ ᠢ ᠨᠡᠮᠡᠭᠳᠡᠭᠦᠯᠦᠨ᠂ | ᠲᠣᠭᠲᠠᠬᠤ ᠶᠢᠨ ᠨᠡᠷ᠎ᠡ ᠠᠯᠳᠠᠷᠰᠢᠯ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ︽ᠣᠳᠣᠬᠠᠨ ᠳᠤ᠂ ᠲᠣᠭᠲᠠᠬᠤ ᠰᠢᠶᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ 6᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠷᠥᠯ ᠵᠦᠢᠯ 20᠂ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 3 | ᠪᠠᠶᠢᠵᠤ᠂ ᠤᠳᠤᠮᠯᠠᠯ ᠤᠨ ᠪᠤᠰᠤ ᠪᠣᠯᠪᠠᠰᠤᠷᠠᠯ ᠤᠨ ᠲᠠᠯᠠᠪᠤᠷ 4᠂ ᠪᠣᠯᠪᠠᠰᠤᠷᠠᠯ ᠤᠨ ᠰᠠᠭᠤᠷᠢᠨ 3 ᠪᠣᠶ᠃ | ᠲᠠᠷᠠᠭᠠᠴᠢ ᠶᠢᠨ ᠠᠯᠬᠤᠮ ᠳᠤ᠂ ᠪᠢᠳᠡ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠰᠠᠶᠢᠲᠤᠷ ᠬᠢᠬᠦ | ᠲᠣᠭᠲᠠᠬᠤ ᠰᠢᠶᠠᠨ ᠳᠤ ᠬᠦᠴᠦ ᠣᠷᠣᠭᠤᠯᠤᠨ᠂ ᠰᠣᠶᠣᠯ ᠤᠨ ᠥᠪ ᠢ ︿ᠠᠮᠢᠳᠤᠯᠢᠭ﹀ ᠪᠣᠯᠭᠠᠵᠤ᠂ ᠰᠣᠶᠣᠯ ᠤᠨ | ᠠᠵᠤ ᠦᠢᠯᠡᠰ ᠢ ︿ᠬᠥᠭᠵᠢᠭᠡᠨ ᠪᠠᠳᠠᠷᠠᠭᠤᠯᠵᠤ﹀᠂ ᠵᠢᠭᠤᠯᠴᠢᠯᠠᠯ ᠤᠨ ᠡᠬᠢ ᠪᠠᠶᠠᠯᠢᠭ ᠢ ︿ᠬᠥᠭᠵᠢᠭᠡᠨ ᠪᠠᠳᠠᠷᠠᠭᠤᠯᠵᠤ | ﹀᠂ ᠣᠯᠠᠨ ᠲᠦᠮᠡᠨ ᠤ ᠬᠠᠷᠮᠠᠨ ᠢ ︿ᠬᠡᠩᠭᠡᠷᠭᠡᠨ﹀ ᠪᠣᠯᠭᠠᠵᠤ᠂ ᠲᠣᠭᠲᠠᠬᠤ ᠰᠢᠶᠠᠨ ᠤ ᠰᠣᠶᠣᠯ ᠤᠨ ᠷᠢᠳᠢ ᠰᠢᠳᠢ ᠶᠢ | ᠭᠦᠢᠴᠡᠳ ᠪᠠᠳᠠᠷᠠᠭᠤᠯᠤᠨ᠎ᠠ︾ ᠭᠡᠵᠦ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ | ᠲᠣᠪᠴᠢᠶᠠᠨ ᠤ ᠳᠠᠷᠤᠭ᠎ᠠ ᠵᠣᠣ ᠶᠦᠩ ᠭᠤᠸᠠᠩ ᠬᠡᠯᠡᠵᠡᠢ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ |