ᠲᠣᠭᠲᠠᠬᠤ ᠰᠢᠶᠠᠨ᠄ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ︽ᠭᠤᠷᠪᠠᠨ ᠠᠯᠬᠤᠮ︾ ᠢ ᠰᠠᠶᠢᠲᠤᠷ ᠲᠠᠯᠪᠢᠵᠤ ᠠᠷᠠᠳ ᠲᠦᠮᠡᠨ ᠳᠤ ᠦᠢᠯᠡᠴᠢᠯᠡᠬᠦ ︽ᠬᠤᠷᠳᠤᠴᠠ︾ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2023/11/15
      ᠲᠣᠭᠲᠠᠬᠤ ᠰᠢᠶᠠᠨ ᠤ ᠬᠢᠨ ᠭᠤᠣᠯ ᠰᠡᠳᠦᠪᠲᠦ ᠬᠥᠮᠦᠵᠢᠯ ᠤᠨ ᠳᠤᠮᠳᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠲᠣᠯᠢ ᠪᠣᠯᠭᠠᠬᠤ ᠪᠠ ︽ᠫᠦᠵᠢᠶᠠᠩ ᠮᠥᠷᠡᠨ ᠤ ᠲᠤᠷᠰᠢᠯᠭ᠎ᠠ︾ ᠶᠢ ᠬᠢᠨᠠᠮᠠᠭᠠᠢ ᠦᠢᠯᠡᠳᠦᠯᠭᠡᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠰᠢᠨ᠎ᠡ ᠰᠡᠳᠬᠢᠴᠡ ᠰᠢᠨ᠎ᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠪᠦᠬᠦ ᠬᠤᠲᠠ ᠳᠤ ᠡᠩ ᠲᠡᠷᠢᠭᠦᠨ ᠳᠤ ︽ᠭᠤᠷᠪᠠᠨ ᠱᠠᠲᠤᠨ ᠤ ᠱᠦᠵᠢ︾ ᠶᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢᠶᠠᠷ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾᠂ ︽ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ︾ ᠶᠢ ᠬᠡᠷᠡᠭᠵᠢᠭᠦᠯᠬᠦ ᠶᠠᠪᠤᠳᠠᠯ ᠢ ᠭᠤᠣᠯ ᠰᠡᠳᠦᠪᠲᠦ ᠬᠥᠮᠦᠵᠢᠯ ᠤᠨ ᠴᠢᠬᠤᠯᠠ ᠦᠢᠯᠡᠳᠦᠯᠭᠡ ᠪᠣᠯᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ︽ᠠᠷᠠᠳ ᠲᠦᠮᠡᠨ ᠤ ᠡᠮᠦᠨ᠎ᠡ ᠠᠴᠠ ᠭᠦᠶᠦᠬᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠢᠲᠡᠭᠡᠯ ᠢ ᠣᠯᠬᠤ︾ ᠦᠢᠯᠡᠳᠦᠯ ᠢ ᠦᠨᠡᠨ ᠬᠦ ᠪᠠᠳᠠᠷᠠᠭᠤᠯᠵᠤ᠂ ᠵᠥᠷᠢᠴᠡᠯ ᠤᠨ ᠢᠰᠬᠡᠯᠲᠡ ᠶᠢ ᠬᠤᠷᠢᠭᠯᠠᠬᠤ ᠦᠭᠡᠢ᠂ ᠤᠯᠠᠨ ᠲᠦᠮᠡᠨ ᠤ ᠰᠡᠳᠬᠢᠯ ᠢ ᠵᠣᠪᠠᠭᠠᠬᠤ ᠦᠭᠡᠢ ᠪᠠᠶᠢᠬᠤ ᠶᠢ ᠦᠨᠡᠨ ᠬᠦ  ᠪᠡᠶᠡᠯᠡᠭᠦᠯᠪᠡ᠃      ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠵᠦ᠂ ᠵᠥᠷᠢᠴᠡᠯ ᠢ ᠰᠢᠢᠳᠪᠦᠷᠢᠯᠡᠬᠦ ︽ᠵᠠᠩᠭᠢᠯᠠᠭ᠎ᠠ  ᠶᠢᠨ ᠰᠢᠲᠠᠷ᠎ᠠ︾ ᠶᠢ ᠰᠠᠶᠢᠲᠤᠷ ᠲᠠᠯᠪᠢᠬᠤ ᠬᠡᠷᠡᠭᠲᠡᠢ      ︽ᠮᠠᠨ ᠤ ᠰᠢᠶᠠᠨ ︿1+6+N﹀ ᠶᠢᠨ ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠬᠥᠳᠡᠯᠦᠯᠴᠡᠬᠦ ᠵᠠᠭᠪᠤᠷ ᠢᠶᠠᠷ᠂ 1 ᠰᠢᠶᠠᠨ ᠤ ᠱᠠᠲᠤ᠂ 6 ᠪᠠᠯᠭᠠᠰᠤᠨ ᠤ ᠱᠠᠲᠤ᠂ 137 ᠲᠣᠰᠬᠤᠨ ︵ᠨᠡᠶᠢᠭᠡᠮ ᠲᠣᠭᠤᠷᠢᠭ︶ ᠤ ᠲᠡᠰ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠬᠠᠮᠲᠤᠷᠠᠭᠰᠠᠨ ᠦᠢᠯᠡᠴᠢᠯᠡᠭᠡᠨ ᠤ ᠲᠥᠪ ᠢᠶᠠᠷ ᠳᠠᠮᠵᠢᠭᠤᠯᠵᠤ ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠦᠢᠯᠡᠴᠢᠯᠡᠭᠡᠨ ᠤ ᠪᠠᠶᠢᠭᠤᠯᠤᠮᠵᠢ ᠶᠢ 144 ᠪᠠᠶᠢᠭᠤᠯᠪᠠ᠂ ᠡᠭᠦᠨ ᠳᠤ᠄ ᠰᠢᠶᠠᠨ ᠤ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠲᠥᠪ 1᠂ ᠪᠠᠯᠭᠠᠰᠤᠨ ᠤ ᠲᠡᠰ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠦᠷᠳᠡᠭᠡ 6᠂ ᠲᠣᠰᠬᠤᠨ ︵ᠨᠡᠶᠢᠭᠡᠮ ᠲᠣᠭᠤᠷᠢᠭ︶  ᠤ ᠲᠡᠰ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠴᠡᠭ 137 ᠪᠤᠢ᠃ 439 ᠣᠷᠣᠯᠠᠨ ᠭᠦᠢᠴᠡᠳᠭᠡᠭᠴᠢ ᠶᠢ ᠲᠣᠭᠲᠠᠭᠠᠵᠤ᠂ ︿ᠰᠢᠶᠠᠨ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ﹀ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠲᠣᠰᠬᠤᠨ ︵ᠨᠡᠶᠢᠭᠡᠮ ᠲᠣᠭᠤᠷᠢᠭ︶ ᠤ ︿ᠬᠤᠶᠠᠷ ᠵᠥᠪᠯᠡᠯ﹀᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠤᠰ ᠲᠤᠰ ᠣᠷᠣᠯᠠᠨ ᠭᠦᠢᠴᠡᠳᠭᠡᠭᠴᠢ᠂ ᠬᠠᠪᠰᠤᠷᠤᠨ ᠭᠦᠢᠴᠡᠳᠭᠡᠭᠴᠢ᠂ ᠭᠤᠣᠯᠯᠠᠨ ᠡᠷᠬᠢᠯᠡᠬᠦ ᠭᠤᠣᠯ ᠴᠣᠭᠴᠠ ᠪᠣᠯᠵᠤ᠂ ︿ᠭᠤᠷᠪᠠᠨ ᠱᠠᠲᠤᠨ ᠤ ᠱᠦᠵᠢ﹀ ᠲᠤᠰ ᠲᠤᠰ ᠨᠢᠭᠡᠳᠦᠭᠡᠷ ᠣᠷᠣᠯᠠᠨ ᠭᠦᠢᠴᠡᠳᠭᠡᠭᠴᠢ᠂ ᠬᠠᠪᠰᠤᠷᠤᠨ ᠭᠦᠢᠴᠡᠳᠭᠡᠭᠴᠢ᠂ ᠭᠤᠣᠯᠯᠠᠨ ᠡᠷᠬᠢᠯᠡᠭᠴᠢ ᠪᠣᠯᠬᠤ ᠶᠢ ᠲᠣᠳᠣᠷᠬᠠᠶᠢᠯᠠᠵᠤ᠂ ᠳᠠᠯᠳᠠ ᠭᠡᠮ ᠢ ᠪᠠᠶᠢᠴᠠᠭᠠᠨ ᠰᠢᠢᠳᠪᠦᠷᠢᠯᠡᠬᠦ᠂ ᠵᠥᠷᠢᠴᠡᠯ ᠢ ᠠᠷᠢᠯᠭᠠᠬᠤ᠂ ᠬᠡᠷᠡᠭ ᠤᠨ ᠪᠣᠭᠤᠮᠲᠠ ᠰᠢᠪᠲᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠪᠠᠷᠢᠮᠲᠠᠯᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢ ᠲᠣᠭᠲᠠᠭᠤᠨ ᠢᠶᠠᠷ ᠥᠷᠨᠢᠭᠦᠯᠵᠦ᠂ ︿ᠰᠢᠶᠠᠨ᠂ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠤ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠣᠷᠣᠯᠠᠨ ᠭᠦᠢᠴᠡᠳᠬᠡᠬᠦ﹀ ᠶᠢ ᠪᠦᠬᠦᠨ ᠢ ᠪᠦᠷᠬᠦᠭᠦᠯᠬᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠶᠢᠨ ᠪᠦᠬᠦ ᠶᠠᠪᠤᠴᠠ ᠶᠢᠨ ᠪᠢᠲᠡᠭᠦᠦ ᠴᠠᠭᠠᠷᠢᠭ ᠢ ᠪᠡᠶᠡᠯᠡᠭᠦᠯᠵᠦ᠂ ︽ᠤᠯᠠᠨ ᠲᠦᠮᠡᠨ ᠵᠠᠬᠢᠶᠠᠯᠠᠬᠤ᠂ ᠺᠠᠳ᠋ᠷ ᠣᠷᠣᠯᠠᠨ ᠭᠦᠢᠴᠡᠳᠬᠡᠬᠦ︾ ᠬᠡᠷᠡᠭ ᠶᠠᠪᠤᠳᠠᠯ ᠰᠢᠢᠳᠪᠦᠷᠢᠯᠡᠬᠦ ᠵᠠᠷᠭᠤ ᠶᠢᠨ ᠪᠠᠶᠢᠳᠠᠯ ᠤᠨ ᠰᠢᠨ᠎ᠡ ᠬᠡᠯᠪᠡᠷᠢ ᠶᠢᠨ ᠠᠷᠭ᠎ᠠ ᠵᠠᠮ ᠢ ᠪᠠᠶᠢᠭᠤᠯᠵᠤ᠂ ᠪᠦᠬᠦ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠡᠮᠬᠢ ᠳᠢᠭᠯᠢᠮ ᠢ ᠰᠠᠶᠢᠵᠢᠷᠠᠭᠤᠯᠵᠤ᠂ ᠨᠡᠶᠢᠭᠡᠮ ᠤᠨ ᠶᠡᠭᠡ ᠲᠠᠯ᠎ᠠ ᠶᠢ ᠦᠷᠭᠦᠯᠵᠢᠯᠡᠨ ᠡᠶ᠎ᠡ ᠵᠣᠬᠢᠴᠠᠩᠭᠤᠢ ᠲᠣᠭᠲᠠᠭᠤᠨ ᠪᠠᠶᠢᠯᠭᠠᠵᠠᠢ︾ ᠭᠡᠵᠦ ᠲᠣᠭᠲᠠᠬᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠷᠧᠨ ᡁᠢ ᠭᠦᠸᠧ ᠲᠠᠨᠢᠯᠴᠠᠭᠤᠯᠪᠠ᠃       ᠲᠤᠭᠳᠠᠬᠤ ᠰᠢᠶᠠᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠦᠷᠢᠶ᠎ᠡ ᠬᠡᠪᠴᠢᠶ᠎ᠡ ᠪᠠᠨ ᠦᠷᠭᠦᠯᠵᠢᠯᠡᠭᠦᠯᠵᠦ ᠂ ︽ᠣᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠬᠦ︾ ᠪᠠᠶᠢᠭᠰᠠᠨ ᠠᠴᠠ ︽ᠣᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠵᠤ᠂ ︽ᠰᠠᠨᠠᠭᠠᠴᠢᠯᠠᠭ᠎ᠠ ᠦᠭᠡᠢ ᠪᠠᠷ ᠵᠥᠷᠢᠴᠡᠯ ᠢ ᠠᠷᠢᠯᠭᠠᠬᠤ︾ ᠪᠠᠶᠢᠭᠰᠠᠨ ᠠᠴᠠ ︽ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠬᠦ︾ ᠪᠣᠯᠵᠤ ᠬᠤᠪᠢᠷᠠᠭᠰᠠᠨ ᠯᠤᠲᠤ ᠶᠡᠭᠡ ᠬᠤᠪᠢᠷᠠᠯᠲᠠ  ᠶᠢ ᠪᠡᠶᠡᠯᠡᠭᠦᠯᠵᠡᠢ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠦᠢᠯᠡᠴᠢᠯᠡᠭᠡ ᠪᠠᠷ ᠳᠠᠮᠵᠢᠭᠤᠯᠤᠨ᠂ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠨᠡᠮᠡᠭᠳᠡᠭᠦᠯᠵᠦ᠂ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠳᠤ ᠡᠶ᠎ᠡ ᠵᠣᠬᠢᠴᠠᠯ ᠲᠠᠢ ᠲᠣᠭᠲᠠᠭᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠪᠡ᠃      ᠰᠡᠳᠬᠢᠴᠡ ᠪᠠᠨ ᠬᠤᠪᠢᠷᠠᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠶᠢ ᠰᠠᠶᠢᠲᠤᠷ ᠬᠢᠬᠦ ᠬᠡᠷᠡᠭᠲᠡᠢ      ︽ᠤᠤᠯ ᠨᠢ ᠮᠢᠨᠤ ᠤᠴᠢᠷ ᠶᠠᠪᠤᠳᠠᠯ ᠢ ᠮᠠᠰᠢ ᠣᠯᠠᠨ ᠰᠠᠯᠠᠭ᠎ᠠ ᠮᠥᠴᠢᠷ ᠲᠤ ᠣᠴᠢᠪᠠᠯ ᠰᠠᠶ᠋ᠢ ᠰᠢᠢᠳᠪᠦᠷᠢᠯᠡᠵᠦ ᠲᠠᠶᠢᠯᠤᠨ᠎ᠠ ᠭᠡᠵᠦ ᠪᠣᠳᠣᠵᠤ ᠪᠠᠶᠢᠵᠠᠢ᠂ ᠭᠡᠲᠡᠯ᠎ᠡ ᠨᠢᠭᠡ ᠯᠡ ᠤᠳᠠᠭ᠎ᠠ ᠭᠠᠴᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠭᠠᠵᠠᠷ ᠲᠤ ᠣᠴᠢᠵᠤ᠂ ᠠᠵᠢᠯᠲᠠᠨ ᠨᠠᠳᠠ ᠶᠢ ᠬᠠᠪᠰᠤᠷᠴᠤ ᠭᠠᠴᠠᠭᠠᠨ ᠤ ᠠᠰᠠᠭᠤᠳᠠᠯ ᠢ ᠰᠢᠢᠳᠪᠦᠷᠢᠯᠡᠵᠡᠢ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠪᠣᠯ ᠮᠠᠨ ᠤ ᠠᠷᠠᠳ ᠲᠦᠮᠡᠨ ᠳᠤ ᠦᠨᠡᠨ ᠪᠣᠳᠠᠲᠠᠢ ᠠᠵᠢᠯ ᠬᠢᠵᠦ ᠥᠭᠭᠦᠭᠰᠡᠨ ᠶᠠᠪᠤᠳᠠᠯ ᠮᠥᠨ︾  ᠭᠡᠵᠦ ᠰᠢᠶᠠᠨ ᠤ  ᠲᠠᠪᠢᠨ ᠭᠡᠷ ᠪᠠᠯᠭᠠᠰᠤᠨ ᠤ ᠰᠢᠷᠠᠤᠰᠤ ᠲᠣᠰᠬᠤᠨ ᠤ ᠠᠷᠠᠳ ᠡᠷᠭᠢᠵᠦ ᠰᠤᠷᠪᠤᠯᠵᠢᠯᠠᠬᠤ ᠦᠶ᠎ᠡ ᠳᠤ ᠣᠯᠣᠭᠰᠠᠨ ᠥᠨᠳᠥᠷ ᠦᠨᠡᠯᠡᠯᠲᠡ ᠪᠣᠯᠣᠨ᠎ᠠ᠃      ᠳᠦᠷᠢᠮ ᠢ ᠲᠣᠭᠲᠠᠭᠠᠨ ᠭᠤᠣᠯᠳᠠᠯᠭ᠎ᠠ ᠶᠢ ᠬᠤᠪᠢᠶᠠᠷᠢᠯᠠᠵᠤ᠂ ᠵᠠᠬᠢᠳᠠᠯ ᠰᠣᠷᠪᠤᠯᠵᠢᠯᠠᠭ᠎ᠠ   ᠶᠢᠨ ᠠᠵᠢᠯ ᠤᠨ ︽ᠠᠯᠤᠰ ᠤᠨ ᠰᠢᠲᠠᠷ᠎ᠠ︾ ᠶᠢ ᠰᠠᠶᠢᠲᠤᠷ ᠲᠠᠯᠪᠢᠬᠤ ᠬᠡᠷᠡᠭᠲᠡᠢ      ᠰᠢᠶᠠᠨ ᠤ ᠨᠠᠮ ᠤᠨ ᠬᠤᠷᠢᠶᠠᠨ ᠤ ᠱᠦᠵᠢ ᠨᠢ ᠨᠢᠭᠡᠳᠦᠯᠲᠡᠢ ᠲᠥᠯᠥᠪᠯᠡᠨ ᠣᠷᠣᠯᠠᠨ ᠭᠦᠢᠴᠡᠳᠬᠡᠬᠦ ᠶᠢ ᠬᠠᠷᠢᠭᠤᠴᠠᠨ ᠠᠳᠬᠤᠵᠤ᠂ ᠣᠨᠴᠠᠭᠠᠶ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠰᠢᠶᠠᠨ ᠤ ᠨᠠᠮ ᠤᠨ ᠬᠤᠷᠢᠶᠠᠨ ᠤ ᠱᠦᠵᠢ ᠨᠢ ᠭᠤᠣᠯᠯᠠᠨ ᠡᠷᠬᠢᠯᠡᠭᠴᠢ᠂ ᠪᠦᠬᠦ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠬᠢᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠨ ᠠᠵᠢᠯᠯᠠᠭᠤᠯᠬᠤ ᠶᠢ ᠬᠦᠴᠦᠯᠡᠨ ᠠᠬᠢᠭᠤᠯᠵᠤ᠂ ᠰᠠᠷ᠎ᠠ ᠪᠦᠷᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ᠂ ᠵᠠᠬᠢᠳᠠᠯ ᠰᠣᠷᠪᠤᠯᠵᠢᠯᠠᠭ᠎ᠠ ᠶᠢᠨ ᠪᠠᠶᠢᠳᠠᠯ ᠢ ᠵᠠᠳᠠᠯᠬᠤ᠂ ᠵᠠᠬᠢᠳᠠᠯ ᠰᠣᠷᠪᠤᠯᠵᠢᠯᠠᠭ᠎ᠠ ᠶᠢᠨ ᠲᠣᠪᠣᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠪᠠᠷ ᠳᠠᠮᠵᠢᠭᠤᠯᠤᠨ᠂ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯᠳᠤᠭᠠᠨ ᠤ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠦᠬᠦᠯᠢ ᠴᠣᠭᠴᠠ ᠪᠠᠷ ᠲᠦᠯᠬᠢᠨ ᠠᠬᠢᠭᠤᠯᠬᠤ᠂ ᠰᠢᠪᠠᠳᠠᠨ ᠨᠠᠶᠢᠳᠠᠪᠤᠷᠢᠵᠢᠭᠤᠯᠬᠤ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠢ ᠪᠠᠶᠢᠩᠭᠤᠵᠢᠭᠤᠯᠤᠨ ᠪᠠᠳᠠᠷᠠᠭᠤᠯᠤᠨ᠎ᠠ᠃ ᠡᠭᠦᠨ ᠤ ᠬᠠᠮᠲᠤ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠪᠣᠯᠣᠨ ᠪᠦᠬᠦ ᠰᠢᠶᠠᠨ ᠤ ᠪᠤᠶ ᠪᠦᠬᠦᠢ ᠰᠢᠶᠠᠨ ᠭᠠᠵᠠᠷ ᠤᠨ ᠳᠡᠰ ᠤᠨ ᠤᠳᠤᠷᠢᠳᠬᠤ ᠺᠠᠳ᠋ᠷᠴᠤᠳ ᠢ ᠳᠠᠭᠠᠭᠤᠯᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠣᠨᠴᠠᠭᠠᠶ ᠬᠦᠴᠢᠷ ᠲᠦᠪᠡᠭᠲᠡᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠲᠤ ︽ᠲᠠᠪᠤ ᠶᠢ ᠳᠠᠭᠠᠭᠠᠴᠢᠯᠠᠬᠤ︾ ᠶᠢᠨ ᠬᠠᠷᠢᠭᠤᠴᠠᠯᠭ᠎ᠠ ︵ᠪᠠᠶᠢᠳᠠᠯ ᠢ ᠡᠵᠡᠮᠰᠢᠬᠦ᠂  ᠰᠢᠢᠳᠪᠦᠷᠢᠯᠡᠬᠦ ᠶᠢ ᠳᠠᠭᠠᠭᠠᠴᠢᠯᠠᠬᠤ᠂ ᠦᠵᠡᠯ ᠰᠠᠨᠠᠭ᠎ᠠ ᠶᠢ ᠨᠡᠪᠲᠡᠷᠡᠭᠦᠯᠬᠦ ᠶᠢ ᠳᠠᠭᠠᠭᠠᠴᠢᠯᠠᠬᠤ᠂ ᠰᠤᠷᠭᠠᠨ ᠬᠥᠮᠦᠵᠢᠯ ᠢ ᠲᠣᠭᠲᠠᠭᠤᠨ ᠪᠠᠶᠢᠯᠭᠠᠬᠤ ᠶᠢ ᠳᠠᠭᠠᠭᠠᠴᠢᠯᠠᠬᠤ᠂ ᠵᠠᠭᠠᠯᠳᠤᠬᠤ ᠶᠢ ᠵᠣᠭᠰᠤᠭᠠᠬᠤ ᠶᠢ ᠳᠠᠭᠠᠭᠠᠴᠢᠯᠠᠬᠤ︶ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ︽ᠡᠴᠦᠰ ᠤᠨ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠵᠤ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ︽ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠵᠤ︾᠂ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠤ ︽ᠤᠴᠢᠷ ᠶᠠᠪᠤᠳᠠᠯ ᠤᠨ ᠰᠡᠳᠬᠢᠯ ᠢ ᠬᠤᠣᠰᠯᠠᠭᠤᠯᠤᠨ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠣᠷᠣᠯᠠᠨ ᠭᠦᠢᠴᠡᠳᠬᠡᠭᠰᠡᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ 382 ᠬᠤᠪᠢ ᠪᠠᠶᠢᠵᠤ᠂ 341 ᠬᠤᠪᠢ ᠶᠢ ᠨᠢ ᠰᠢᠢᠳᠪᠦᠷᠢᠯᠡᠪᠡ᠃ ᠭᠤᠣᠯᠯᠠᠨ ᠡᠷᠬᠢᠯᠡᠭᠴᠢ ᠠᠴᠠ 45 ᠬᠤᠪᠢ ᠣᠨᠴᠠᠭᠠᠢ ᠲᠦᠪᠡᠭᠲᠡᠢ ᠬᠡᠷᠡᠭ ᠢ ᠳᠠᠭᠠᠭᠠᠴᠢᠯᠠᠨ ᠬᠤᠯᠪᠣᠭᠠᠯᠠᠬᠤ ᠪᠠᠷ ᠳᠠᠮᠵᠢᠭᠤᠯᠵᠤ᠂ 38 ᠬᠤᠪᠢ ᠶᠢ ᠨᠢ ᠰᠢᠢᠳᠪᠦᠷᠢᠯᠡᠪᠡ᠃      ︽ᠳᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠤ ᠬᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ︿ᠬᠠᠨᠵᠤᠨ ᠳᠡᠭᠡᠷ᠎ᠡ ᠰᠠᠭᠤᠵᠤ᠂ ᠵᠣᠭᠤᠭ ᠳᠡᠯᠭᠡᠬᠦ﹀ ᠵᠡᠷᠭᠡ ᠬᠡᠯᠪᠡᠷᠢ ᠪᠠᠷ ᠨᠢᠭᠤᠷᠳᠠᠨ ᠶᠠᠷᠢᠯᠴᠠᠵᠤ᠂ ᠰᠡᠳᠬᠢᠯ ᠰᠠᠨᠠᠭ᠎ᠠ ᠪᠠᠨ ᠰᠣᠯᠢᠯᠴᠠᠨ᠎ᠠ︾᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠪᠠᠷ ᠬᠤᠪᠢᠷᠠᠭᠤᠯᠵᠤ᠂ ᠣᠯᠠᠨ ᠲᠦᠮᠡᠨ ᠤ ︿ᠳᠡᠭᠡᠭᠰᠢ ᠰᠤᠷᠪᠤᠯᠵᠢᠯᠠᠬᠤ﹀ ᠶᠢ ᠬᠦᠯᠢᠶᠡᠵᠦ ᠪᠠᠶᠢᠭᠰᠠᠨ ᠢ ᠣᠷᠣᠯᠠᠨ ᠭᠦᠢᠴᠡᠳᠭᠡᠭᠴᠢ ᠶᠢᠨ ᠰᠠᠨᠠᠭᠠᠴᠢᠯᠠᠭ᠎ᠠ ᠠᠴᠠ ᠪᠠᠨ ︿ᠳᠣᠷᠣᠭᠰᠢ ᠪᠠᠭᠤᠵᠤ ᠰᠤᠷᠪᠤᠯᠵᠢᠯᠠᠬᠤ﹀ ᠪᠣᠯᠭᠠᠨ ᠬᠤᠪᠢᠷᠠᠭᠤᠯᠵᠤ᠂ ᠣᠯᠠᠨ ᠲᠦᠮᠡᠨ ᠵᠡᠷᠭᠡ ᠵᠠᠬᠢᠳᠠᠯ ᠰᠣᠷᠪᠤᠯᠵᠢᠯᠠᠭ᠎ᠠ ᠶᠢᠨ ᠠᠬᠢᠴᠠ ᠶᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠬᠢᠴᠠ ᠶᠢ ᠢᠳᠡᠪᠬᠢᠲᠡᠢ ᠪᠠᠷ ᠬᠠᠷᠢᠭᠤ ᠲᠤᠰᠬᠠᠬᠤ ᠪᠣᠯᠭᠠᠨ ᠬᠤᠪᠢᠷᠠᠭᠤᠯᠤᠨ᠎ᠠ᠃ ᠬᠠᠪᠰᠤᠷᠪᠠᠯ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠬᠠᠪᠰᠤᠷᠴᠤ᠂ ᠭᠦᠢᠴᠡᠳᠬᠡᠪᠡᠯ ᠵᠣᠬᠢᠬᠤ ᠶᠢ ᠨᠢ ᠴᠢᠳᠠᠬᠤ ᠶᠢᠨ ᠬᠢᠷᠢ ᠪᠠᠷ ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠢ ᠦᠨᠳᠦᠰᠦᠨ ᠱᠠᠲᠤᠨ ᠳᠤ ᠠᠷᠢᠯᠭᠠᠵᠤ᠂ ︿ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯᠪᠠᠯ᠂ ᠪᠢᠳᠡ ᠬᠠᠷᠢᠭᠤ ᠲᠤᠰᠬᠠᠯ ᠲᠠᠢ ᠪᠠᠶᠢᠬᠤ﹀ ᠶᠢ ᠦᠨᠡᠨ ᠬᠦ ᠪᠠᠲᠤᠯᠠᠨ᠎ᠠ︾ ᠭᠡᠵᠦ ᠲᠤᠭᠳᠠᠬᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠷᠧᠨ ᡁᠢ ᠭᠦᠸᠧ ᠬᠡᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1