ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ᠄ ᠦᠨᠳᠦᠰᠦᠲᠡᠨ ᠤ ᠪᠦᠯᠬᠦᠮᠳᠡᠯ ᠤᠨ ︽ᠢᠵᠢᠯ ᠲᠥᠪᠲᠦ ᠲᠣᠭᠤᠷᠢᠭ︾ ᠢ ᠵᠢᠷᠤᠭᠯᠠᠵᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2023/11/21
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠱᠤᠸᠠᠩ ᠾᠧ ᠪᠠᠯᠭᠠᠰᠤᠨ ᠤ ᠨᠠᠨ ᠫᠢᠩ ᠨᠡᠶᠢᠭᠡᠮ ᠲᠣᠭᠤᠷᠢᠭ ᠤᠨ ᠬᠢᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠤᠶ᠎ᠠ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠠᠬᠢᠭᠤᠯᠬᠤ ᠪᠠᠷ ᠭᠤᠣᠯ ᠰᠡᠳᠦᠪᠲᠦ ᠬᠥᠮᠦᠵᠢᠯ ᠤᠨ ᠴᠢᠬᠤᠯᠠ ᠠᠴᠢᠶᠠᠯᠠᠪᠤᠷᠢ ᠶᠢᠨ ᠨᠢᠭᠡ ᠪᠣᠯᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ︾ ᠤᠨ ᠭᠤᠣᠯ ᠱᠤᠭᠤᠮ ᠢ ᠪᠠᠲᠤ ᠪᠠᠬᠢ ᠪᠤᠢ ᠪᠣᠯᠭᠠᠵᠤ᠂ ᠤᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠨᠡᠶᠢᠭᠡᠮ ᠲᠣᠭᠤᠷᠢᠭ ᠤᠨ ᠰᠢᠨ᠎ᠡ ᠬᠡᠪ ᠵᠠᠭᠪᠤᠷ ᠢ ᠢᠳᠡᠪᠬᠢᠲᠡᠢ ᠪᠤᠢ ᠪᠣᠯᠭᠠᠵᠤ᠂ ᠤᠯᠠᠨ ᠲᠦᠮᠡᠨ ᠤ ︽ᠬᠠᠮᠲᠤᠪᠠᠷ ᠠᠵᠢᠯᠯᠠᠵᠤ ᠬᠠᠮᠲᠤᠪᠠᠷ ᠰᠠᠭᠤᠷᠢᠰᠢᠵᠤ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠴᠡᠩᠭᠡᠯᠳᠦᠬᠦ︾ ᠰᠢᠨ᠎ᠡ ᠪᠠᠶᠢᠳᠠᠯ ᠢ ᠪᠤᠢ  ᠪᠤᠯᠭᠠᠨ᠎ᠠ᠃      ᠰᠠᠶᠢᠨ ᠳᠤᠷ᠎ᠠ ᠶᠢᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠵᠦ ᠣᠯᠠᠨ ᠲᠦᠮᠡᠨ ᠤ ︽ᠥᠴᠥᠬᠡᠨ ᠬᠦᠰᠡᠯ︾ ᠢ ᠭᠡᠷᠡᠯᠳᠦᠭᠦᠯᠦᠶ᠎ᠡ       ᠨᠠᠨᠫᠢᠩ ᠨᠡᠶᠢᠭᠡᠮ ᠲᠣᠭᠤᠷᠢᠭ ᠤᠨ ᠠᠵᠢᠯᠲᠠᠨ ᠤ ᠡᠳᠦᠷ ᠪᠦᠷᠢ ᠶᠢᠨ ᠨᠡᠶᠢᠭᠡᠮ ᠲᠣᠭᠤᠷᠢᠭ ᠲᠤ ᠢᠷᠡᠬᠦ ᠠᠩᠬᠠᠨ ᠤ ᠶᠠᠪᠤᠳᠠᠯ ᠪᠣᠯ ᠳᠠᠷᠤᠢ ᠰᠠᠭᠤᠭᠠᠯᠢ ᠠᠷᠠᠳ ᠤᠨ ᠦᠯᠡᠳᠡᠭᠡᠭᠰᠡᠨ ︽ᠬᠦᠰᠡᠯ︾ ᠢ ᠪᠠᠶᠢᠴᠠᠭᠠᠨ ᠦᠵᠡᠵᠦ᠂ ᠨᠢᠭᠡᠳᠦᠯᠲᠡᠢ ᠡᠮᠬᠢᠯᠡᠬᠦ ᠶᠢᠨ ᠬᠠᠮᠲᠤ ᠲᠥᠷᠥᠯ ᠬᠤᠪᠢᠶᠠᠵᠤ᠂ ᠬᠠᠮᠲᠤ ᠪᠠᠷ ᠪᠠᠶᠢᠭᠤᠯᠤᠭᠰᠠᠨ ᠨᠢᠭᠡᠴᠡ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠪᠠ ᠰᠠᠶᠢᠨ ᠳᠤᠷ᠎ᠠ ᠶᠢᠨ ᠠᠵᠢᠯᠯᠠᠭᠰᠠᠳ ᠨᠢᠭᠡᠳ ᠨᠢᠭᠡ ᠪᠠᠷ ᠲᠠᠨᠢᠵᠤ ᠠᠪᠤᠭᠠᠳ ᠪᠡᠶᠡᠯᠡᠭᠦᠯᠬᠦ ᠶᠠᠪᠤᠳᠠᠯ ᠪᠣᠯᠣᠨ᠎ᠠ᠃      ᠨᠡᠶᠢᠭᠡᠮ ᠲᠣᠭᠤᠷᠢᠭ ᠤᠨ ᠱᠦᠵᠢ ᠯᠢ ᠪᠢ ᠬᠠᠨ ᠤ ᠲᠠᠨᠢᠯᠴᠠᠭᠤᠯᠤᠭᠰᠠᠨ ᠢᠶᠠᠷ᠂ 2021 ᠣᠨ ᠳᠤ᠂ ︽ᠬᠠᠶᠢᠷ᠎ᠠ ᠬᠠᠯᠠᠮᠵᠢ ᠥᠴᠥᠬᠡᠨ ᠬᠦᠰᠡᠯ ᠢ ᠭᠡᠷᠡᠯᠲᠦᠭᠦᠯᠵᠦ᠂ ᠨᠠᠮ ᠤᠨ ᠭᠡᠰᠢᠭᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠬᠥᠮᠥᠨ ᠪᠣᠯᠬᠤ ᠪᠠᠷ ᠴᠢᠷᠮᠠᠶᠢᠬᠤ︾ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠰᠢ᠂ ᠨᠠᠨᠫᠢᠩ ᠨᠡᠶᠢᠭᠡᠮ ᠲᠣᠭᠤᠷᠢᠭ ᠤᠨ ᠬᠢᠨ ᠦᠨᠳᠦᠰᠦᠲᠡᠨ ᠨᠦᠭᠦᠳ ᠤᠨ ᠶᠠᠳᠠᠭᠤ ᠬᠦᠴᠢᠷᠳᠡᠯᠲᠡᠢ ᠭᠡᠷ ᠪᠦᠯᠢ᠂ ᠥᠨᠥᠴᠢᠨ ᠪᠡᠯᠪᠡᠰᠦᠨ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠦᠬᠡᠳ ᠤᠨ ︽ᠥᠴᠥᠬᠡᠨ ᠬᠦᠰᠡᠯ︾ ᠢ ᠰᠠᠨᠠᠭᠠᠴᠢᠯᠠᠭ᠎ᠠ ᠠᠴᠠ ᠪᠠᠨ ᠴᠤᠭᠯᠠᠭᠤᠯᠵᠤ᠂ ︽ᠥᠴᠥᠬᠡᠨ ᠬᠦᠰᠡᠯ︾ ᠤᠨ ᠦᠢᠯᠡᠴᠢᠯᠡᠭᠡ ᠶᠢ ᠥᠷᠨᠢᠭᠦᠯᠦᠭᠰᠡᠨ ᠪᠠᠶᠢᠨ᠎ᠠ᠃ ᠰᠠᠭᠤᠭᠠᠯᠢ ᠠᠷᠠᠳ ᠶᠠᠮᠠᠷ ᠪᠤᠬᠢᠨᠢᠳᠤᠯ ᠲᠠᠢ ᠤᠴᠢᠷ ᠪᠠᠶᠢᠪᠠᠯ᠂ ᠰᠠᠨᠠᠭ᠎ᠠ ᠵᠣᠪᠠᠭ᠋ᠤ ᠤᠴᠢᠷ ᠪᠠᠶᠢᠪᠠᠯ ᠪᠦᠷ ᠨᠡᠶᠢᠭᠡᠮ ᠲᠣᠭᠤᠷᠢᠭ ᠢ ᠡᠷᠢᠵᠦ ᠰᠠᠨᠠᠯ ᠢᠶᠠᠨ ᠲᠣᠭᠠᠴᠢᠨ ᠵᠥᠪᠳᠡᠯᠴᠡᠵᠦ ᠪᠠᠶᠢᠭᠠᠳ ᠰᠢᠢᠳᠪᠦᠷᠢᠯᠡᠨ᠎ᠡ᠃ ᠡᠯ᠎ᠡ ᠵᠦᠢᠯ ᠤᠨ ︽ᠥᠴᠥᠬᠡᠨ ᠬᠦᠰᠡᠯ︾  ᠨᠢ ᠣᠯᠠᠨ ᠲᠦᠮᠡᠨ ᠤ ᠠᠮᠢᠳᠤᠷᠠᠯ ᠤᠨ ᠲᠠᠯ᠎ᠠ ᠪᠦᠬᠦᠨ ᠳᠤ ᠬᠤᠯᠪᠣᠭᠳᠠᠵᠤ ᠪᠠᠶᠢᠳᠠᠭ ᠪᠣᠯᠬᠤᠷ ︽ᠥᠴᠥᠬᠡᠨ ᠬᠦᠰᠡᠯ ︾ ᠨᠢ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠪᠠᠶᠢᠳᠠᠯ ᠢ ᠭᠦᠨᠵᠡᠭᠡᠢ ᠣᠶᠢᠯᠠᠭᠠᠬᠤ ᠴᠢᠬᠤᠯᠠ ᠠᠷᠭ᠎ᠠ ᠵᠠᠮ ᠪᠣᠯᠤᠭᠰᠠᠨ ᠪᠠᠶᠢᠨ᠎ᠠ᠃      ᠣᠳᠣᠬᠠᠨ ᠳᠤ᠂ ᠨᠠᠨᠫᠢᠩ ᠨᠡᠶᠢᠭᠡᠮ ᠲᠣᠭᠤᠷᠢᠭ ᠤᠨ 64 ︽ᠪᠢᠴᠢᠯ ᠬᠦᠰᠡᠯ︾ ᠢ ᠨᠡᠶᠢᠭᠡᠮ ᠲᠣᠭᠤᠷᠢᠭ ᠪᠣᠯᠣᠨ ᠬᠠᠮᠲᠤ ᠪᠠᠷ ᠪᠠᠶᠢᠭᠤᠯᠤᠭᠰᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠪᠣᠯᠣᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠠᠪᠰᠤᠷᠤᠯᠭ᠎ᠠ ᠪᠠᠷ ᠪᠦᠬᠦᠨ ᠢ ᠲᠠᠨᠢᠵᠤ ᠠᠪᠤᠭᠰᠠᠨ ᠪᠥᠭᠡᠳ ᠪᠡᠶᠡᠯᠡᠭᠦᠯᠦᠭᠰᠡᠨ ᠪᠠᠶᠢᠨ᠎ᠠ᠃      ᠡᠭᠦᠨ ᠤ ᠬᠠᠮᠲᠤ᠂ ᠨᠠᠨᠫᠢᠩ ᠨᠡᠶᠢᠭᠡᠮ ᠲᠣᠭᠤᠷᠢᠭ ᠲᠤ 11 ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠬᠥᠮᠥᠨ ᠤ ᠲᠤᠭ᠎ᠠ ᠨᠢ 100 ᠭᠠᠷᠤᠢ ᠬᠥᠮᠥᠨ ᠪᠠᠶᠢᠵᠤ᠂ ᠵᠢᠯ ᠪᠦᠷᠢ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ 2000 ᠭᠠᠷᠤᠢ ᠬᠥᠮᠥᠨ ᠤᠳᠠᠭ᠎ᠠ ᠣᠷᠣᠯᠴᠠᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠬᠦ ᠪᠠᠷ ᠳᠡᠮᠵᠢᠨ᠂ ᠡᠯ᠎ᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠶᠢᠷ᠎ᠠ ᠰᠡᠳᠬᠢᠯᠭᠡ ᠶᠢ ᠪᠦᠲᠦᠮᠵᠢᠲᠡᠶ ᠪᠠᠷ ᠵᠤᠵᠠᠭᠠᠳᠬᠠᠵᠠᠢ᠃ ᠡᠭᠦᠨ ᠠᠴᠠ ᠭᠠᠳᠠᠨ᠎ᠠ᠂ ᠨᠠᠨᠫᠢᠩ ᠨᠡᠶᠢᠭᠡᠮ ᠲᠣᠭᠤᠷᠢᠭ ᠤᠨ ᠬᠢᠨ ᠠᠷᠠᠳ ᠤᠨ ᠤᠷᠠᠯᠢᠭᠴᠢᠨ ᠢ ᠢᠳᠡᠪᠬᠢᠲᠡᠢ ᠠᠭᠤᠳᠠᠯᠵᠤ᠂ 2018 ᠣᠨ ᠳᠤ ᠱᠠᠨ ᠰᠢ ᠵᠦᠴᠦᠭᠡ ᠶᠢᠨ ᠰᠣᠶᠣᠯ ᠤᠨ ᠶᠡᠭᠡ ᠬᠦᠷᠢᠶᠡᠯᠡᠩ ᠢ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠷᠢᠶᠠᠲᠤ ᠣᠷᠣᠨ ᠳᠠᠭᠠᠨ ᠱᠠᠨ ᠰᠢ ᠵᠦᠴᠦᠭᠡ ᠶᠢᠨ ᠰᠣᠶᠣᠯ ᠤᠨ ᠲᠣᠭᠯᠠᠯᠲᠠ ᠭᠠᠷᠭᠠᠵᠤ᠂ ᠰᠠᠭᠤᠭᠠᠯᠢ ᠠᠷᠠᠳ ᠤᠨ ᠣᠶᠤᠨ ᠤ ᠰᠣᠶᠣᠯ ᠤᠨ ᠠᠮᠢᠳᠤᠷᠠᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠠᠶᠢᠨ ᠦᠨᠡᠯᠡᠯᠲᠡ ᠶᠢ ᠲᠠᠰᠤᠷᠠᠯᠲᠠ ᠦᠭᠡᠢ ᠭᠥᠷᠳᠡᠪᠡ᠃      ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ︽ᠬᠠᠮᠢᠶᠠᠷᠤᠯᠲᠠ ᠳᠤ ᠳᠤᠷᠠᠲᠠᠢ︾ ᠪᠣᠳᠠᠲᠤ ᠶᠠᠪᠤᠳᠠᠯ ᠬᠢᠬᠦ ᠳᠤ ᠬᠠᠯᠠᠭᠤᠨ ᠰᠡᠳᠬᠢᠯ   ᠢᠶᠠᠷ ᠦᠢᠯᠡᠴᠢᠯᠡᠨ᠎ᠡ      ᠨᠡᠶᠢᠭᠡᠮ ᠲᠣᠭᠤᠷᠢᠭ ᠤᠨ ᠠᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠰᠠᠶᠢᠨ ᠦᠢᠯᠡᠴᠢᠯᠡᠬᠦ ᠶᠢᠨ ᠲᠥᠯᠥᠭᠡ ᠶᠤᠮ᠃ ᠨᠠᠨᠫᠢᠩ ᠨᠡᠶᠢᠭᠡᠮ ᠲᠣᠭᠤᠷᠢᠭ ᠤᠨ ᠬᠢᠨ ᠡᠯ᠎ᠡ ᠲᠠᠯ᠎ᠠ ᠶᠢᠨ ᠴᠢᠳᠠᠪᠤᠷᠢᠲᠠᠨ ᠢ ᠴᠤᠭᠯᠠᠭᠤᠯᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠶᠢ ᠠᠬᠢᠭᠤᠯᠬᠤ ᠬᠤᠷᠠᠯ ᠢ ᠪᠠᠶᠢᠭᠤᠯᠵᠤ᠂ ᠪᠦᠷᠢᠯᠳᠦᠭᠦᠨ ᠳᠤᠨᠢ ᠬᠠᠤᠯᠢᠴᠢ᠂ ᠴᠠᠬᠢᠯᠭᠠᠨ ᠤ ᠠᠵᠢᠯᠲᠠᠨ᠂ ᠭᠡᠷ ᠤᠨ ᠶᠠᠪᠤᠳᠠᠯ ᠤᠨ ᠦᠢᠯᠡᠴᠢᠯᠡᠭᠡᠨ ᠤ ᠵᠠᠭᠤᠴᠢ ᠵᠡᠷᠭᠡ ᠬᠥᠮᠥᠰ ᠪᠠᠶᠢᠨ᠎ᠠ᠂ ᠡᠩ ᠤᠨ ᠦᠶ᠎ᠡ ᠳᠤ ᠬᠠᠷᠢᠶᠠᠨ ᠳᠠᠬᠢ ᠥᠨᠥᠴᠢᠨ ᠪᠡᠯᠪᠡᠰᠦᠨ ᠨᠠᠰᠤᠲᠠᠳ ᠲᠤ ᠳ᠋ᠧᠩ ᠤᠨ ᠫᠣᠣᠼᠢ ᠰᠣᠯᠢᠵᠤ ᠴᠠᠬᠢᠯᠭᠠᠨ ᠵᠠᠯᠭᠠᠨ ᠥᠭᠴᠦ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠳ ᠲᠤ ᠰᠦᠢᠳᠬᠡᠯ ᠬᠤᠷᠢᠶᠠᠬᠤ ᠦᠭᠡᠢ ᠪᠠᠷ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠠᠵᠢᠯ ᠮᠡᠷᠭᠡᠵᠢᠯ ᠤᠨ ᠲᠠᠨᠢᠯᠴᠠᠭᠤᠯᠭ᠎ᠠ ᠬᠠᠩᠭᠠᠳᠠᠭ᠂ ᠡᠨᠡ ᠨᠢ ᠳᠠᠷᠤᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠵᠢᠵᠢᠭ ᠰᠠᠵᠢᠭ ᠶᠠᠪᠤᠳᠠᠯ ᠤᠳ ᠢᠶᠠᠷ ᠰᠠᠭᠤᠭᠠᠯᠢ ᠠᠷᠠᠳ ᠢ ᠳᠤᠯᠠᠭᠠᠴᠠᠭᠤᠯᠵᠤ᠂ ︽ᠦᠨᠳᠦᠰᠦᠲᠡᠨ ᠤ ᠪᠦᠯᠬᠦᠮᠳᠡᠯ ᠤᠨ ᠠᠨᠠᠷ ᠤᠨ ᠦᠷ᠎ᠡ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠬᠤ︾ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠢᠯᠡᠷᠡᠭᠦᠯᠦᠭᠰᠡᠨ ᠪᠠᠶᠢᠨ᠎ᠠ᠃      ᠡᠭᠦᠨ ᠠᠴᠠ ᠭᠠᠳᠠᠨ᠎ᠠ᠂ ᠨᠠᠨᠫᠢᠩ ᠨᠡᠶᠢᠭᠡᠮ ᠲᠣᠭᠤᠷᠢᠭ ᠤᠨ ᠬᠢᠨ ᠬᠠᠮᠤᠭ ᠤᠨ ᠲᠦᠷᠦᠭᠦᠨ ᠳᠤ ︽ᠨᠡᠶᠢᠭᠡᠮ ᠲᠣᠭᠤᠷᠢᠭ ᠲᠤ ᠱᠦᠭᠯᠦ ᠦᠯᠢᠶᠡᠵᠦ᠂ ᠰᠠᠯᠠᠭ᠎ᠠ ᠮᠥᠴᠢᠷ ᠤᠨ ᠬᠢᠨ ᠨᠡᠷ᠎ᠡ ᠮᠡᠳᠡᠭᠦᠯᠬᠦ︾ ᠠᠵᠢᠯᠯᠠᠭ᠎ᠠ ᠶᠢ ᠥᠷᠨᠢᠭᠦᠯᠪᠡ ᠃ 2021 ᠣᠨ ᠳᠤ᠂ ᠨᠡᠶᠢᠭᠡᠮ ᠲᠣᠭᠤᠷᠢᠭ ᠨᠢ ᠲᠣᠭᠤᠷᠢᠭ ᠲᠤ ᠰᠠᠭᠤᠭ᠎ᠠ ᠨᠠᠢᠮᠠᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠲᠠᠢ ︽ᠨᠠᠮ ᠤᠨ ᠪᠠᠶᠢᠭᠤᠯᠤᠯᠲᠠ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠬᠥᠲᠥᠯᠥᠨ ᠳᠠᠭᠠᠭᠤᠯᠬᠤ︾ ᠬᠤᠯᠪᠣᠭᠠᠲᠤ ᠴᠣᠭᠴᠠ ᠶᠢ ᠪᠠᠶᠢᠭᠤᠯᠵᠤ᠂ ᠠᠵᠢᠯ ᠳᠤ ᠪᠠᠶᠢᠭ᠎ᠠ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠡᠷᠬᠢᠨ ᠦᠵᠡᠵᠦ ᠲᠣᠬᠤᠨᠢᠭᠤᠯᠬᠤ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯᠯᠠᠭ᠎ᠠ ᠶᠢ ᠥᠷᠨᠢᠭᠦᠯᠵᠡᠢ᠃      ᠨᠠᠨᠫᠢᠩ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠬᠠᠮᠢᠶ᠎ᠠ ᠪᠦᠬᠦᠢ ᠤᠨᠤᠯ ᠢ ᠰᠤᠷᠤᠯᠴᠠᠬᠤ ᠶᠢᠨ ᠬᠠᠮᠲᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠲᠣᠭᠤᠷᠢᠭ ᠤᠨ ᠲᠤᠷᠰᠢᠯᠭ᠎ᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠠᠵᠢᠯ ᠤᠨ ᠰᠢᠨ᠎ᠡ ᠰᠡᠳᠬᠢᠴᠡ ᠪᠠᠨ ᠲᠠᠰᠤᠷᠠᠯᠳᠡ ᠦᠭᠡᠢ ᠰᠦᠪᠡᠭᠴᠢᠯᠡᠵᠦ᠂ ᠲᠤᠰ ᠪᠡᠶ᠎ᠡ ᠶᠢᠨ ᠨᠡᠶᠢᠭᠡᠮ ᠲᠣᠭᠤᠷᠢᠭ ᠤᠨ ᠠᠷᠠᠳ ᠤᠨ ᠪᠠᠶᠢᠳᠠᠯ ᠲᠠᠢ ᠪᠠᠨ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠳᠣᠲᠣᠷ᠎ᠠ ᠤᠯᠠᠨ ᠴᠢᠳᠠᠪᠬᠢᠲᠤ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ᠂ ᠠᠷᠠᠳ ᠲᠤ ᠠᠰᠢᠭᠲᠠᠢ᠂ ᠠᠷᠠᠳ ᠲᠤ ᠳᠣᠲᠣᠨᠣ᠂ ᠠᠷᠠᠳ ᠲᠤ ᠲᠦᠬᠦᠮ ᠦᠵᠡᠭᠦᠯᠬᠦ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ᠨᠠᠨᠫᠢᠩ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠢᠩᠬᠢᠮ ᠳᠤ ᠨᠡᠶᠢᠲᠡ ᠨᠠᠢᠮᠠᠨ ᠬᠡᠷᠡᠭ ᠡᠷᠭᠢᠯᠡᠬᠦ ᠴᠣᠩᠬᠤ ᠭᠠᠷᠭᠠᠵᠤ᠂ 121 ᠵᠦᠢᠯ ᠤᠨ ᠦᠢᠯᠡᠴᠢᠯᠡᠭᠡᠨ ᠤ ᠲᠥᠷᠥᠯ ᠵᠦᠢᠯ ᠢ ᠬᠠᠩᠭᠠᠵᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ᠂ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ᠂ ᠨᠠᠮ ᠪᠠ ᠣᠯᠠᠨ ᠲᠦᠮᠡᠨ ᠤ ᠦᠢᠯᠡᠴᠢᠯᠡᠭᠡ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ᠂ ᠬᠥᠳᠡᠯᠮᠦᠷᠢ ᠶᠢᠨ ᠪᠠᠲᠤᠯᠠᠭ᠎ᠠ ᠶᠢ ᠨᠢᠭᠡ ᠴᠣᠭᠴᠠ ᠪᠣᠯᠭᠠᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠠᠮᠢᠳᠤᠷᠠᠯ ᠤᠨ ᠡᠯ᠎ᠡ ᠲᠠᠯ᠎ᠠ ᠳᠤ ᠬᠤᠯᠪᠣᠭᠳᠠᠨ᠂ ᠵᠢᠯ ᠪᠦᠷᠢ ᠡᠯ᠎ᠡ ᠲᠥᠷᠥᠯ ᠤᠨ ᠵᠢᠯ ᠤᠨ ᠦᠢᠯᠡᠴᠢᠯᠡᠭᠡ 10000 ᠭᠠᠷᠤᠢ ᠬᠥᠮᠥᠨ ᠤᠳᠠᠭ᠎ᠠ ᠶᠢ ᠬᠠᠩᠭᠠᠵᠤ ᠪᠠᠶᠢᠨ᠎ᠠ᠃ ᠢᠯᠠᠩᠭᠤᠶ᠎ᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠦᠨᠳᠦ ᠡᠪᠡᠳᠴᠢᠨ ᠤ ᠠᠪᠤᠷᠠᠨ ᠲᠤᠰᠠᠯᠠᠯᠲᠠ᠂ 70 ᠨᠠᠰᠤᠨ ᠤ ᠨᠠᠰᠤᠲᠠᠨ ᠢᠶᠠᠨ ᠬᠦᠨᠳᠦᠯᠡᠬᠦ ᠮᠥᠩᠭᠦ᠂ 80 ᠨᠠᠰᠤᠨ ᠤ ᠥᠨᠳᠥᠷ ᠨᠠᠰᠤᠨ ᠤ ᠮᠥᠩᠭᠦ ᠵᠡᠷᠭᠡ ᠰᠢᠢᠳᠪᠦᠷᠢᠯᠡᠬᠦ ᠤᠴᠢᠷ ᠶᠠᠪᠤᠳᠠᠯ   ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠶᠢᠷ᠎ᠠ ᠬᠠᠪᠢ ᠳᠠᠭᠠᠨ ᠤᠴᠢᠷ ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠬᠠᠮᠢᠶ᠎ᠠ ᠪᠦᠬᠦᠢ ᠮᠠᠲ᠋ᠧᠷᠢᠶᠠᠯ   ᠢ ᠴᠥᠮ ᠨᠡᠶᠢᠭᠡᠮ ᠲᠣᠭᠤᠷᠢᠭ ᠤᠨ ᠠᠵᠢᠯᠲᠠᠳ ᠨᠢᠭᠡᠳᠦᠯᠲᠡᠢ ᠴᠤᠭᠯᠠᠭᠤᠯᠤᠨ ᠰᠢᠢᠳᠪᠦᠷᠢᠯᠡᠵᠦ᠂ ᠰᠠᠭᠤᠭᠠᠯᠢ ᠠᠷᠠᠳ ᠤᠨ ᠨᠠᠰᠢ ᠴᠠᠰᠢ ᠭᠦᠶᠦᠬᠦ ᠶᠠᠷᠰᠢᠭ   ᠢ ᠠᠷᠢᠯᠭᠠᠪᠠ᠃     ︽ᠲᠠᠪᠤᠨ ᠰᠡᠳᠬᠢᠯ︾ ᠤᠨ ᠭᠡᠷ ᠣᠷᠣᠨ ᠢ ᠴᠣᠭᠴᠠᠯᠠᠵᠤ ᠦᠨᠳᠦᠰᠦᠲᠡᠨ ᠤ ᠪᠦᠯᠬᠦᠮᠳᠡᠯ ᠤᠨ︽ᠢᠵᠢᠯ ᠲᠥᠪᠲᠦ ᠲᠣᠭᠤᠷᠢᠭ︾ ᠢ ᠬᠠᠮᠲᠤᠪᠠᠷ ᠵᠢᠷᠤᠭᠯᠠᠨ᠎ᠠ      ᠣᠶᠢᠷ᠎ᠠ ᠶᠢᠨ ᠵᠢᠯ ᠠᠴᠠ᠂ ᠨᠠᠨᠫᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠡᠳ᠋ᠯᠡᠵᠦ ᠬᠠᠮᠲᠤ ᠪᠠᠷ ᠪᠠᠶᠢᠭᠤᠯᠬᠤ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠶᠡᠷᠦᠩᠬᠡᠢ ᠬᠠᠷᠠᠯᠲᠠ ᠶᠣᠰᠣᠭᠠᠷ᠂ ᠨᠡᠶᠢᠭᠡᠮ ᠲᠣᠭᠤᠷᠢᠭ ᠲᠤ ᠦᠢᠯᠡᠴᠢᠯᠡᠬᠦ᠂ ᠰᠠᠭᠤᠭᠠᠯᠢ ᠠᠷᠠᠳ ᠲᠤ ᠦᠢᠯᠡᠴᠢᠯᠡᠬᠦ ᠪᠠᠷ ᠡᠬᠢᠯᠡᠯᠲᠡ ᠶᠢᠨ ᠴᠡᠭ ᠪᠣᠯᠭᠠᠵᠤ᠂ ᠠᠷᠠᠳ ᠤᠯᠠᠨ ᠤ ᠳᠡᠷᠭᠡᠳᠡ ᠣᠶᠢᠷᠠᠳᠴᠤ᠂ ︽ᠲᠠᠪᠤᠨ ᠠᠷᠠᠳ ᠤᠨ ᠢᠨᠵᠧᠨᠧᠷᠢᠩ︾ ᠢ ᠬᠡᠷᠡᠭᠵᠢᠭᠦᠯᠵᠦ᠂ ︽ᠲᠠᠪᠤᠨ ᠰᠡᠳᠬᠢᠯᠲᠦ ᠭᠡᠷ ᠣᠷᠣᠨ︾ ᠢ ᠬᠦᠴᠦᠯᠡᠨ ᠴᠣᠭᠴᠠᠯᠠᠵᠤ᠂ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠠᠢ᠃      ︽ᠠᠷᠠᠳ ᠲᠤ ᠲᠥᠬᠦᠮ ᠦᠵᠡᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ︽ᠳᠣᠲᠣᠨᠣ ᠭᠡᠷ ᠣᠷᠣᠨ︾ ᠢ ᠴᠣᠭᠴᠠᠯᠠᠨ ᠪᠠᠶᠢᠭᠤᠯᠤᠨ᠎ᠠ᠃ ᠭᠤᠷᠪᠠᠨ ᠵᠢᠯ ᠳᠠᠷᠠᠭᠠᠯᠠᠨ ᠨᠠᠨᠫᠢᠩ ᠨᠡᠶᠢᠭᠡᠮ ᠲᠣᠭᠤᠷᠢᠭ ᠨᠢ ᠥᠪᠥᠷ ᠮᠣᠩᠭᠤᠯ ᠤᠨ ᠴᠤᠤ ᠵᠢᠦᠢ ᠨᠢᠳᠦᠨ ᠤ ᠡᠮᠨᠡᠯᠭᠡ ᠶᠢᠨ ᠬᠤᠷᠢᠶ᠎ᠠ ᠲᠠᠢ ᠬᠠᠮᠲᠤ ᠪᠠᠷ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ ᠪᠠᠷ ᠲᠤᠰᠬᠠᠢ ᠡᠮᠴᠢᠯᠡᠭᠡᠨ ᠤ ᠡᠮᠴᠢᠯᠡᠭᠡ ᠶᠢ ᠭᠥᠷᠳᠡᠵᠦ᠂ ︽ᠳᠣᠲᠣᠨᠣ ᠦᠢᠯᠡᠴᠢᠯᠡᠭᠡ︾ ᠬᠦᠷᠲᠡᠭᠡᠭᠰᠡᠨ ᠪᠠᠶᠢᠨ᠎ᠠ᠃ ᠡᠭᠦᠨ ᠤ ᠬᠠᠮᠲᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠶᠢ ᠨᠡᠪᠲᠡᠷᠡᠭᠦᠯᠬᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠰᠤᠷᠪᠤᠯᠵᠢᠯᠠᠬᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ ᠣᠯᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠪᠠ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠭᠡᠷ  ᠲᠤᠨᠢ ᠬᠦᠷᠴᠦ ᠦᠢᠯᠡᠴᠢᠯᠡᠬᠦ ᠬᠡᠷᠡᠭᠲᠡᠢ᠃      ︽ᠠᠷᠠᠳ ᠢ ᠲᠤᠰᠠᠯᠠᠬᠤ︾ ᠢᠨᠵᠧᠨᠧᠷᠢᠩ ᠢ ᠬᠡᠷᠡᠭᠵᠢᠭᠦᠯᠵᠦ᠂ ᠪᠠᠭᠤᠷᠠᠢ ᠣᠯᠠᠨ ᠲᠦᠮᠡᠨ ᠤ ︽ᠰᠡᠳᠬᠢᠯ ᠢ ᠳᠤᠯᠠᠭᠠᠴᠠᠭᠤᠯᠬᠤ ᠭᠡᠷ ᠣᠷᠣᠨ︾ ᠢ ᠴᠣᠭᠴᠠᠯᠠᠨ ᠪᠠᠶᠢᠭᠤᠯᠤᠨ᠎ᠠ᠃ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠤᠷᠤᠯᠭ᠎ᠠ ᠶᠢᠨ ᠬᠡᠷᠡᠭᠰᠡᠯ ᠬᠦᠷᠭᠡᠵᠦ᠂ ᠵᠡᠮᠳᠡᠭ ᠬᠥᠮᠥᠰ᠂ ᠥᠨᠥᠴᠢᠨ ᠪᠡᠯᠪᠡᠰᠦᠨ ᠨᠠᠰᠤᠲᠠᠨ᠂ ᠭᠡᠷ ᠲᠡᠭᠡᠨ ᠬᠤᠴᠣᠷᠤᠭᠰᠠᠨ ᠨᠠᠰᠤᠲᠠᠨ ᠵᠡᠷᠭᠡ ᠪᠠᠭᠤᠷᠠᠢ ᠬᠥᠮᠥᠰ ᠲᠠᠢ ︽ᠰᠡᠳᠬᠢᠯ ᠢ ᠳᠤᠯᠠᠭᠠᠴᠠᠭᠤᠯᠬᠤ ᠬᠤᠣᠰ ᠤᠶᠠᠩᠭ᠎ᠠ︾ ᠪᠣᠯᠵᠤ᠂ ᠤᠶᠤᠨ ᠰᠠᠨᠠᠭᠠᠨ ᠤ ᠲᠠᠶᠢᠳᠬᠤᠷᠠᠭᠤᠯᠤᠯ᠂ ᠪᠠᠶᠠᠷ ᠤᠨ ᠡᠳᠦᠷ ᠤᠨ ᠲᠣᠬᠤᠨᠢᠭᠤᠯᠤᠯ ᠢ ᠦᠷᠭᠦᠯᠵᠢᠳᠡ ᠥᠷᠨᠢᠭᠦᠯᠦᠨ᠎ᠡ᠃ ᠨᠠᠨᠫᠢᠩ ᠨᠡᠶᠢᠭᠡᠮ ᠲᠣᠭᠤᠷᠢᠭ ᠤᠨ ᠬᠢᠨ ᠢᠳᠡᠪᠬᠢᠲᠡᠢ ᠪᠠᠷ ᠡᠬᠢ ᠪᠠᠶᠠᠯᠢᠭ ᠢ ᠬᠤᠯᠪᠣᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠢᠯᠡᠴᠢᠯᠡᠭᠡᠨ ᠤ ᠬᠡᠪᠴᠢᠶ᠎ᠡ ᠪᠠᠨ ᠥᠷᠭᠡᠳᠬᠡᠵᠡᠢ᠂ ᠵᠢᠱᠢᠶᠡᠯᠡᠪᠡᠯ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠭᠠᠩᠭᠠᠩ ᠡᠵᠢ ᠶᠢᠨ ᠭᠠᠷ ᠤᠷᠠᠯᠠᠯ ᠤᠨ ᠬᠤᠷᠰᠢᠶ᠎ᠠ᠂ ᠬᠥᠬᠡᠬᠤᠲᠠ ᠶᠢᠨ ᠪᠢᠴᠢᠭ ᠤᠨ ᠰᠢᠨᠵᠢᠯᠡᠬᠦ ᠤᠬᠠᠭᠠᠨ ᠤ ᠰᠤᠷᠭᠠᠭᠤᠯᠢ ᠵᠡᠷᠭᠡ ᠨᠢ ᠤᠷᠢᠳ ᠬᠤᠵᠢᠳ ᠨᠡᠶᠢᠭᠡᠮ ᠲᠣᠭᠤᠷᠢᠭ ᠲᠤ ᠡᠬᠡ ᠨᠢᠯᠬᠠᠰ ᠤᠨ ᠰᠤᠪᠢᠯᠠᠯᠲᠠ᠂ ᠰᠤᠪᠢᠯᠠᠯᠲᠠ ᠶᠢᠨ ᠠᠵᠢᠯ᠂ ᠺᠣᠮᠫᠢᠦ᠋ᠲ᠋ᠧᠷ᠂ ᠭᠠᠷ ᠨᠡᠬᠡᠮᠡᠯ ᠤᠨ ᠡᠳ᠋ ᠵᠡᠷᠭᠡ ᠪᠣᠯᠪᠠᠰᠤᠷᠠᠯ ᠤᠨ ᠠᠩᠭᠢ ᠶᠢ 11 ᠬᠤᠭᠤᠴᠠᠭ᠎ᠠ ᠨᠡᠭᠡᠭᠡᠵᠡᠢ᠃      ︽ᠠᠷᠠᠳ ᠢ ᠠᠮᠤᠷᠵᠢᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ︽ᠰᠠᠨᠠᠭ᠎ᠠ ᠠᠮᠤᠷ ᠭᠡᠷ ᠣᠷᠣᠨ︾ ᠢ ᠴᠣᠭᠴᠠᠯᠠᠨ ᠪᠠᠶᠢᠭᠤᠯᠤᠨ᠎ᠠ᠃ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ︽ᠨᠡᠶᠢᠭᠡᠮ ᠲᠣᠭᠤᠷᠢᠭ ᠤᠨ ᠲᠣᠣᠷᠵᠢᠭᠤᠯᠤᠯᠲᠠ︾ ᠶᠢᠨ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠪᠦᠷᠢᠯᠳᠦᠭᠦᠨ ᠲᠦᠷᠦᠭᠦᠯᠡᠨ ᠬᠡᠰᠡᠭ ᠬᠤᠪᠢᠶᠠᠨ ᠡᠷᠦᠬᠡ ᠶᠢ ᠳᠠᠭᠠᠭᠠᠴᠢᠯᠠᠬᠤ ᠳᠦᠷᠢᠮ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠲᠤᠰᠬᠠᠭᠰᠠᠨ ᠬᠠᠯᠠᠭᠤᠨ ᠴᠡᠭ ᠤᠨ ᠪᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠵᠥᠪᠳᠡᠯᠴᠡᠵᠦ᠂ ᠬᠥᠲᠥᠯᠥᠨ ᠵᠢᠯᠤᠭᠤᠳᠬᠤ᠂ ᠡᠶᠡᠳᠡᠭᠦᠯᠦᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃      ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠬᠠᠮᠲᠤ ᠶᠢᠨ ᠴᠢᠷᠮᠠᠶᠢᠯᠭ᠎ᠠ ᠪᠠᠷ᠂ ᠨᠠᠨᠫᠢᠩ ᠨᠡᠶᠢᠭᠡᠮ ᠲᠣᠭᠤᠷᠢᠭ 2020 ᠣᠨ ᠪᠠ 2021 ᠣᠨ ᠳᠤ᠂ ᠤᠷᠢᠳ ᠬᠤᠵᠢᠳ ︽ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠪᠠ ︽ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠶᠢᠨ ᠢᠷᠠᠭᠤ ᠠᠯᠳᠠᠷ ᠤᠨ ᠴᠣᠯᠠ ᠶᠢ ᠬᠦᠷᠳᠡᠪᠡ᠃ ᠳᠠᠷᠠᠭᠠᠴᠢ ᠶᠢᠨ ᠠᠯᠬᠤᠮ ᠳᠤ᠂ ᠨᠠᠨᠫᠢᠩ ᠨᠡᠶᠢᠭᠡᠮ ᠲᠣᠭᠤᠷᠢᠭ ᠤᠨ ᠬᠢᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠪᠣᠯᠣᠨ ᠡᠯ᠎ᠡ ᠲᠦᠷᠦᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠲᠣᠪᠤᠶᠢᠯᠭᠠᠨ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠣᠯᠪᠠᠰᠤᠨ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠪᠦᠲᠦᠮᠵᠢᠲᠡᠢ ᠵᠠᠰᠠᠬᠤ ᠶᠢ ᠪᠡᠶᠡᠯᠡᠭᠦᠯᠵᠦ᠂ ︽ᠴᠢᠨᠦ ᠳᠣᠲᠣᠷ᠎ᠠ ᠪᠢ ᠪᠤᠢ᠂ ᠮᠢᠨᠤ ᠳᠣᠲᠣᠷ᠎ᠠ ᠴᠢ ᠪᠤᠢ︾ ᠭᠡᠬᠦ ᠦᠨᠳᠦᠰᠦᠲᠡᠨ ᠤ ᠪᠦᠯᠬᠦᠮᠳᠡᠯ ᠤᠨ ︽ᠢᠵᠢᠯ ᠲᠥᠪᠲᠦ ᠲᠣᠭᠤᠷᠢᠭ︾ ᠢ ᠬᠠᠮᠲᠤᠪᠠᠷ  ᠵᠢᠷᠤᠭᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1