ᠱᠤᠸᠠᠩ ᠾᠧ ᠪᠠᠯᠭᠠᠰᠤ ︽ᠳᠡᠷᠭᠡᠳᠡᠬᠢ ᠳᠠᠭᠤᠷᠢᠶᠠᠯ ᠠᠴᠠ ᠰᠤᠷᠤᠯᠴᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/11/21
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠦ᠂ ᠪᠦᠬᠦ ᠨᠠᠮ ᠤᠨ ᠭᠡᠰᠢᠭᠦᠨ ᠺᠠᠳ᠋ᠷᠴᠤᠳ ᠤᠨ ᠨᠢᠭᠡᠳᠦᠯᠲᠡᠢ ᠪᠠᠶᠢᠬᠤ ᠤᠬᠠᠮᠰᠠᠷ ᠢ ᠴᠢᠩᠭᠠᠳᠬᠠᠵᠤ᠂ ᠦᠯᠢᠭᠡᠷ ᠳᠠᠭᠤᠷᠢᠶᠠᠯ ᠤᠨ ᠬᠦᠴᠦᠨ ᠢᠶᠠᠷ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠢᠳᠡᠪᠬᠢ ᠬᠦᠴᠦᠨ ᠢ ᠬᠥᠭᠵᠢᠭᠡᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ  ᠪᠤᠯᠭᠠᠬᠤ ᠶᠢᠨ ᠲᠦᠯᠦᠭᠡ᠂ 11 ᠳ᠋ᠤᠭᠡᠷ ᠰᠠᠷ᠎ᠠ ᠶᠢᠨ 17  ᠤ ᠡᠳᠦᠷ᠂ ᠱᠤᠸᠠᠩ ᠾᠧ ᠪᠠᠯᠭᠠᠰᠤ ᠶᠢᠨ ᠬᠢᠨ ᠦᠯᠢᠭᠡᠷ ᠳᠠᠭᠤᠷᠢᠶᠠᠯ ᠤᠨ ᠬᠦᠴᠦᠨ ᠢ ᠨᠢᠭᠲᠠᠷᠠᠭᠤᠯᠵᠤ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠤᠨ᠎ᠠ︱︽ ᠳᠡᠷᠭᠡᠳᠡᠬᠢ ᠦᠯᠢᠭᠡᠷ ᠳᠠᠭᠤᠷᠢᠶᠠᠯ ᠠᠴᠠ ᠰᠤᠷᠤᠯᠴᠠᠬᠤ︾ ᠶᠠᠷᠢᠯᠴᠠᠬᠤ ᠬᠤᠷᠠᠯ  ᠬᠤᠷᠠᠯᠳᠤᠭᠤᠯᠪᠠ᠃      ᠬᠥᠬᠡᠬᠤᠲᠠ ᠶᠢᠨ ᠶᠣᠰᠣ ᠰᠤᠷᠲᠠᠬᠤᠨ ᠤ ᠵᠢᠱᠢᠶᠡᠴᠢ ᠶᠠᠩ ᠴᠢ ᠹᠦ᠋ ᠪᠣᠯ ᠱᠤᠸᠠᠩ ᠾᠧ ᠪᠠᠯᠭᠠᠰᠤ ᠶᠢᠨ ᠴᠧᠩ ᠭᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠣᠨ᠎ᠠ᠂ ᠲᠡᠭᠦᠨ ᠤ ᠤᠷᠤᠭ ᠤᠨ ᠶᠠᠪᠤᠳᠠᠯ ᠢ ᠪᠣᠳᠠᠲᠠᠢ ᠪᠠᠷ ᠦᠢᠯᠡᠳᠦᠯᠭᠡᠵᠢᠭᠦᠯᠬᠦ ᠶᠢᠨ ᠦᠨᠡᠨ ᠶᠣᠰᠣ ᠨᠢ ᠭᠠᠳᠠᠷ ᠪᠠᠶᠢᠳᠠᠯ ᠨᠢ ᠭᠤᠶᠣᠮᠰᠤᠭ ᠡᠰᠡᠬᠦ ᠳᠤ ᠪᠠᠶᠢᠬᠤ ᠪᠢᠰᠢ᠂ ᠬᠠᠷᠢᠨ ᠬᠦᠴᠢᠷ ᠵᠣᠪᠠᠯᠠᠩ ᠤᠨ ᠡᠮᠦᠨ᠎ᠡ ᠬᠠᠷᠢᠯᠴᠠᠨ ᠪᠠᠲᠤ ᠰᠠᠬᠢᠵᠤ᠂ ᠬᠠᠷᠢᠯᠴᠠᠨ ᠲᠦᠰᠢᠯᠴᠡᠬᠦ ᠳᠤ ᠪᠠᠶᠢᠨ᠎ᠠ᠃ 2017 ᠣᠨ ᠤ 12d ᠳ᠋ᠤᠭᠠᠷ ᠰᠠᠷ᠎ᠠ ᠶᠢᠨ 31 ᠤ ᠡᠳᠦᠷ᠂ ᠴᠠᠭᠠᠨ ᠰᠠᠷ᠎ᠠ ᠶᠢᠨ ᠶᠡᠭᠡ ᠴᠡᠪᠡᠷᠯᠡᠭᠡ ᠬᠢᠬᠦ ᠪᠠᠷ ᠶᠠᠭᠠᠷᠠᠵᠤ ᠪᠠᠶᠢᠭᠰᠠᠨ ᠡᠬᠡᠨᠡᠷ ᠨᠢ ᠬᠢᠴᠢᠶᠡᠮᠵᠢ ᠦᠭᠡᠢ ᠠᠴᠠ ᠪᠣᠯᠵᠤ ᠪᠢᠴᠢᠭ ᠤᠨ ᠰᠢᠷᠡᠭᠡᠨ ᠠᠴᠠ ᠤᠨᠠᠵᠤ᠂ ᠬᠤᠶᠠᠳᠤᠭᠠᠷ ᠨᠢᠷᠤᠭᠤ ᠶᠢ ᠨᠢ ᠪᠡᠷᠲᠡᠵᠡᠶ᠂ ᠶᠠᠩ ᠭᠤᠸᠠᠢ ᠡᠬᠡᠨᠡᠷ ᠢᠶᠠᠨ ᠲᠦᠷᠭᠡᠨ ᠡᠮᠨᠡᠯᠭᠡ ᠳᠤ ᠬᠦᠷᠭᠡᠵᠦ ᠡᠮᠨᠡᠭᠦᠯᠪᠡ᠂ ᠲᠡᠷᠡ ᠶᠡᠷᠦ ᠨᠢ ᠡᠪᠡᠳᠴᠢᠨ ᠡᠮᠭᠡᠭ ᠲᠠᠢ ᠪᠣᠯᠪᠠᠴᠤ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠡᠬᠡᠨᠡᠷ ᠢᠶᠠᠨ ᠬᠠᠷᠠᠭᠠᠯᠵᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠷᠤᠬ ᠤᠨ ᠠᠮᠠᠯᠠᠯᠲᠠ ᠪᠠᠨ ᠪᠡᠶᠡᠯᠡᠭᠦᠯᠵᠦ᠂ ᠬᠢᠵᠠᠭᠠᠯᠠᠰᠢ ᠦᠭᠡᠢ ᠬᠠᠷᠠᠭᠠᠯᠵᠠᠯ ᠢᠶᠠᠷ ︽ᠡᠷ᠎ᠡ︾ ᠭᠡᠰᠡᠨ ᠦᠭᠡ ᠶᠢᠨ ᠠᠭᠤᠯᠬᠤᠨ ᠢ ᠲᠠᠶᠢᠯᠪᠤᠷᠢᠯᠠᠵᠤ᠂ ᠰᠠᠯᠵᠤ ᠪᠣᠯᠣᠰᠢ ᠦᠭᠡᠢ ᠰᠠᠬᠢᠨ ᠬᠦᠯᠢᠶᠡᠯᠲᠡ ᠪᠠᠷ ᠬᠠᠶᠢᠷ᠎ᠠ ᠶᠢᠨ ᠮᠠᠭᠲᠠᠭᠠᠯ ᠳᠠᠭᠤᠤ ᠶᠢ ᠪᠢᠴᠢᠭᠯᠡᠭᠰᠡᠨ ᠪᠠᠶᠢᠨ᠎ᠠ᠃      ᠲᠣᠭᠲᠠᠬᠤ ᠰᠢᠶᠠᠨ ᠤ ᠶᠣᠰᠣ ᠰᠤᠷᠲᠠᠬᠤᠨ ᠤ ᠵᠢᠱᠢᠶᠡᠴᠢ ᠵᠠᠩ ᠼᠠᠢ ᠰᠢᠶᠠ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠶᠠᠭᠤ ᠶᠢ ᠦᠨᠡᠨ ᠰᠠᠶᠢᠨ ᠰᠠᠶᠢᠬᠠᠨ ᠭᠡᠬᠦ᠂ ᠶᠠᠭᠤ ᠶᠢ ᠬᠠᠷᠢᠭᠤᠴᠠᠯᠭ᠎ᠠ ᠡᠭᠦᠷᠭᠡᠯᠡᠬᠦ ᠭᠡᠳᠡᠭ ᠢ ᠲᠠᠶᠢᠯᠪᠤᠷᠢᠯᠠᠵᠠᠢ᠃ ᠵᠠᠩ ᠼᠠᠢ ᠰᠢᠶᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠣᠯᠤᠭᠰᠠᠨ ᠠᠴᠠ ᠨᠠᠰᠢ᠂ ᠢᠮᠠᠭᠲᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠷ ᠨᠢᠭᠡᠳᠦᠭᠡᠷ ᠳᠣᠬᠢᠶ᠎ᠠ ᠪᠣᠯᠭᠠᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠲᠡᠷᠢᠭᠦᠨ ᠰᠣᠩᠭᠤᠯᠲᠠ ᠪᠣᠯᠭᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠶᠢ ᠲᠡᠷᠢᠭᠦᠨ ᠪᠠᠷᠢᠮᠵᠢᠶ᠎ᠠ ᠪᠣᠯᠭᠠᠵᠤ᠂ ᠨᠡᠶᠢᠭᠡᠮ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠪᠠ ᠨᠡᠶᠢᠭᠡᠮ ᠲᠣᠭᠤᠷᠢᠭ ᠤᠨ ᠪᠦᠬᠦ ᠺᠠᠳ᠋ᠷᠴᠤᠳ ᠢ ᠢᠳᠡᠪᠬᠢᠲᠡᠢ ᠪᠠᠷ ᠳᠠᠭᠠᠭᠤᠯᠤᠨ ᠤᠯᠠᠨ ᠲᠦᠮᠡᠨ ᠳᠤ ᠰᠠᠶᠢᠨ ᠶᠠᠪᠤᠳᠠᠯ᠂ ᠪᠣᠳᠠᠲᠠᠢ ᠠᠵᠢᠯ ᠬᠢᠵᠦ᠂ ᠢᠮᠠᠭᠲᠠ ᠨᠢᠭᠡᠨ ᠡᠪ ᠬᠠᠮᠲᠤ ᠨᠠᠮ ᠤᠨ ᠭᠡᠰᠢᠭᠦᠨ ᠤ ᠡᠷᠬᠢᠮ ᠳᠡᠭᠡᠳᠦ ᠵᠠᠩ ᠰᠤᠷᠲᠠᠯ ᠢᠶᠠᠷ ᠥᠪᠡᠷ ᠢ ᠪᠠᠨ ᠴᠢᠩᠭ᠎ᠠ ᠱᠠᠭᠠᠷᠳᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠭᠡ ᠳᠠᠭᠤᠨ ᠦᠭᠡᠢ ᠪᠠᠷ ᠦᠢᠯᠡᠳᠦᠯᠭᠡᠵᠢᠭᠦᠯᠪᠡ᠃       ᠲᠤᠭᠳᠠᠬᠤ ᠶᠢᠨ ᠰᠠᠶᠢᠨ ᠬᠥᠮᠥᠨ ᠮᠧᠩ ᠰᠢᠤᠸᠠᠢ ᠹᠧᠩ ᠡᠭᠡᠯ ᠵᠢᠷ ᠤᠨ ᠠᠮᠢᠳᠤᠷᠠᠯ ᠳᠤᠮᠳᠠ ᠪᠠᠨ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠢᠳᠡᠪᠬᠢ ᠬᠦᠴᠦᠨ ᠢ ᠳᠠᠮᠵᠢᠭᠤᠯᠵᠤ᠂ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ ᠪᠠᠶᠢᠨ᠎ᠠ᠃ ︽ᠬᠡᠳᠦᠶᠢᠪᠡᠷ ᠴᠡᠷᠢᠭ ᠤᠨ ᠬᠤᠪᠴᠠᠰᠤ ᠪᠠᠨ ᠲᠠᠶᠢᠯᠤᠭᠰᠠᠨ ᠪᠣᠯᠪᠠᠴᠤ ᠪᠢ ᠬᠡᠵᠢᠶᠡᠳᠡ ᠴᠡᠷᠢᠭ ᠤᠨ ᠬᠥᠮᠥᠨ ᠪᠣᠯᠣᠨ᠎ᠠ︾᠂ ᠠᠷᠠᠳ ᠲᠦᠮᠡᠨ ᠳᠤ ᠦᠢᠯᠡᠴᠢᠯᠡᠬᠦ ᠪᠣᠯ ᠳᠠᠷᠤᠢ ᠲᠡᠭᠦᠨ ᠤ ᠡᠭᠦᠷᠢᠳᠡ ᠵᠣᠭᠰᠣᠰᠢ ᠦᠭᠡᠢ ︽ᠪᠠᠶᠢᠯᠳᠤᠭᠠᠨ︾ ᠪᠣᠯᠣᠨ᠎ᠠ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠲᠠᠯ᠎ᠠ ᠪᠠᠷ᠂ ᠲᠡᠷᠡ ︽ᠪᠦᠷᠢᠨ ᠬᠤᠪᠢ ᠶᠢᠨ ᠵᠢᠭᠰᠠᠭᠠᠯ ᠤᠨ ᠠᠵᠢᠯᠯᠠᠭ᠎ᠠ︾ ᠬᠢᠪᠡ︔ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠠᠯ᠎ᠠ ᠪᠠᠷ᠂ ᠲᠡᠷᠡ ᠨᠢᠭᠡ ᠬᠤᠪᠢ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ ᠠᠵᠢᠯ ᠤᠨ ᠴᠢᠯᠦᠭᠡ ᠪᠠᠷ ᠢᠶᠠᠨ ᠲᠡᠷᠡ ᠪᠠᠰᠠ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠯᠤᠤᠲᠤ ᠣᠩᠭᠤᠴᠠᠨ ᠤ ᠤᠷᠤᠯᠳᠤᠭᠠᠨ ᠵᠡᠷᠭᠡ ᠡᠯ᠎ᠡ ᠵᠦᠢᠯ ᠤᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠠ ᠲᠡᠭᠦᠨ ᠳᠤ ᠣᠷᠣᠯᠴᠠᠬᠤ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠱᠤᠸᠠᠩ ᠾᠧ ᠪᠠᠯᠭᠠᠰᠤᠨ ᠳᠤ ᠤᠯᠠᠨ ᠵᠦᠢᠯ ᠤᠨ ᠲᠠᠮᠢᠷ ᠤᠨ ᠢᠷᠠᠭᠤ ᠠᠯᠳᠠᠷ ᠢ ᠣᠯᠭᠤᠭᠰᠠᠨ ᠪᠠᠶᠢᠨ᠎ᠠ᠃      ᠰᠢᠶᠠᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠰᠢᠩ ᠯᠢ ᠨᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠤ᠂ ᠥᠪᠡᠷ ᠤᠨ ᠠᠵᠢᠯ ᠤᠨ ᠥᠩᠭᠡᠷᠡᠯᠲᠡ ᠪᠠ ᠰᠡᠳᠬᠢᠯ ᠤᠨ ᠥᠩᠭᠡᠷᠡᠯᠲᠡ ᠪᠠᠨ ᠶᠠᠷᠢᠵᠤ᠂ ᠣᠯᠠᠨ ᠳᠤ ᠨᠢᠭᠡ ᠤᠳᠠᠭᠠᠨ ᠤ ᠰᠡᠳᠬᠢᠯ ᠤᠨ ᠤᠬᠢᠶᠠᠯ ᠬᠦᠷᠲᠡᠭᠡᠭᠰᠡᠨ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ ᠪᠣᠯᠤᠭᠰᠠᠨ ᠤ ᠬᠤᠪᠢ ᠳᠤ᠂ ᠠᠵᠢᠯ ᠤᠨ ᠪᠠᠶᠢᠷᠢ   ᠶᠢᠨ ᠳᠦᠷᠢ ᠲᠥᠷᠬᠦ ᠨᠢ ᠨᠠᠮ ᠤᠨ ᠭᠡᠰᠢᠭᠦᠨ ᠤ ᠳᠦᠷᠢ ᠲᠥᠷᠬᠦ   ᠶᠢ ᠴᠠᠭ ᠢᠮᠠᠭᠲᠠ ᠢᠯᠡᠷᠡᠭᠦᠯᠵᠦ ᠪᠠᠶᠢᠳᠠᠭ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ   ᠶᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠳᠤᠮᠳᠠ ᠬᠤᠰᠢᠭᠤᠴᠢ ᠵᠢᠱᠢᠶᠡᠴᠢ ᠦᠢᠯᠡᠳᠦᠯ   ᠢᠶᠠᠨ ᠪᠠᠳᠠᠷᠠᠭᠤᠯᠬᠤ ᠪᠣᠯ ᠨᠠᠮ ᠤᠨ ᠭᠡᠰᠢᠭᠦᠨ ᠤ ᠬᠠᠮᠤᠭ ᠤᠨ ᠳᠡᠭᠡᠳᠦ ᠦᠯᠢᠭᠡᠷ ᠳᠠᠭᠤᠷᠢᠶᠠᠯ ᠮᠥᠨ᠃ ᠲᠡᠷᠡ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠢᠭᠰᠡᠨ ᠭᠤᠷᠪᠠᠨ ᠵᠢᠯ ᠤᠨ ᠲᠤᠷᠰᠢ᠂ 78 ᠬᠤᠪᠢ ᠬᠡᠷᠡᠭ ᠢ ᠰᠢᠢᠳᠪᠦᠷᠢᠯᠡᠵᠦ᠂ 146 ᠬᠤᠪᠢ ᠠᠵᠢᠯ ᠤᠨ ᠪᠣᠳᠠᠲᠤ ᠮᠡᠳᠡᠭᠡ ᠵᠠᠩᠭᠢ ᠶᠢ ᠳᠠᠮᠵᠢᠭᠤᠯᠵᠤ᠂ ᠳᠡᠭᠡᠳᠦ ᠱᠠᠲᠤᠨ ᠤ ᠪᠠᠶᠢᠭᠤᠯᠭ᠎ᠠ ᠶᠢᠨ ᠰᠡᠳᠬᠦᠯ ᠳᠤ 56 ᠬᠤᠪᠢ ᠡᠯᠰᠡᠭᠳᠡᠨ ᠨᠡᠶᠢᠲᠡᠯᠡᠭᠳᠡᠵᠦ᠂ ᠠᠵᠢᠯ ᠤᠨ ᠠᠮᠵᠢᠯᠲᠠ ᠪᠦᠲᠦᠮᠵᠢ ᠨᠢ ᠤᠳᠤᠷᠢᠳᠤᠯᠭ᠎ᠠ ᠪᠣᠯᠣᠨ ᠬᠠᠮᠲᠤ ᠠᠵᠢᠯᠯᠠᠭᠰᠠᠳ ᠤᠨ ᠢᠶᠠᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1