ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠱᠠᠲᠤ ᠶᠢᠨ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2023/11/21
      ᠴᠠᠬᠢᠯᠭᠠᠨ ᠱᠠᠲᠤ ᠶᠢᠨ ᠠᠮᠤᠷ ᠲᠦᠪᠰᠢᠨ ᠤ ᠰᠠᠭᠤᠷᠢ ᠶᠢ ᠴᠣᠭᠴᠠᠯᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠬᠤ ᠶᠢᠨ ᠲᠤᠰᠠᠳᠠ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠬᠢᠯᠭᠠᠨ ᠱᠠᠲᠤ ᠶᠢᠨ ᠠᠳᠡᠯ ᠭᠠᠷᠬᠤ ᠠᠴᠠ ᠵᠠᠶᠢᠯᠠᠰᠬᠢᠬᠦ ᠪᠠ ᠪᠠᠭᠠᠰᠬᠠᠬᠤ ᠶᠢᠨ ᠲᠦᠯᠦᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠱᠠᠲᠤ ᠶᠢᠨ ᠠᠳᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃      ᠨᠢᠭᠡ ᠳᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠤᠨ᠎ᠠ᠃ ᠬᠠᠮᠠᠭᠠᠯᠠᠯᠲᠠ ᠶᠢᠨ ᠨᠢᠭᠡᠴᠡ ᠪᠠ ᠬᠡᠷᠡᠭᠯᠡᠬᠦ ᠨᠢᠭᠡᠴᠡ ᠶᠢ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠶᠢᠨ ᠲᠤᠭ᠎ᠠ ᠬᠡᠮᠵᠢᠶ᠎ᠡ᠂ ᠬᠡᠷᠡᠭᠴᠡᠭᠡ᠂ ᠬᠡᠷᠡᠭᠯᠡᠬᠦ ᠣᠷᠴᠢᠨ ᠲᠣᠭᠤᠷᠢᠨ ᠵᠡᠷᠭᠡ ᠪᠠᠶᠢᠳᠠᠯ ᠲᠠᠢ ᠤᠶᠠᠯᠳᠤᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ᠂ ᠡᠳᠦᠷ ᠲᠤᠲᠤᠮ ᠤᠨ ᠬᠠᠮᠠᠭᠠᠯᠠᠨ ᠠᠷᠠᠴᠢᠯᠠᠬᠤ᠂ ᠴᠢᠬᠤᠯᠠ ᠤᠭᠰᠠᠷᠠᠭ᠎ᠠ ᠲᠣᠨᠤᠭ ᠪᠠ ᠬᠠᠮᠠᠭᠠᠯᠠᠯᠲᠠ ᠶᠢᠨ ᠲᠣᠨᠣᠭᠯᠠᠯ ᠤᠨ ᠠᠮᠤᠷ ᠲᠦᠪᠰᠢᠨ ᠤ ᠪᠠᠶᠢᠳᠠᠯ ᠢᠶᠠᠷ ᠭᠤᠣᠯᠳᠠᠯᠭ᠎ᠠ ᠪᠣᠯᠭᠠᠵᠤ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠷᠡᠭᠯᠡᠵᠦ ᠪᠠᠶᠢᠭ᠎ᠠ ᠴᠠᠬᠢᠯᠭᠠᠨ ᠱᠠᠲᠤ ᠳᠤ ᠲᠠᠪᠴᠠᠩ ᠳᠠᠷᠠᠭᠠᠯᠠᠨ ᠬᠡᠮ ᠰᠣᠭᠤᠭ ᠢ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠶᠢ ᠥᠷᠨᠢᠭᠦᠯᠵᠦ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠲᠣᠬᠢᠷᠠᠭᠤᠯᠬᠤ︾ ᠠᠵᠢᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠪᠠᠲᠤᠯᠠᠨ ᠬᠠᠮᠠᠭᠠᠯᠠᠬᠤ ᠪᠠᠷ ᠬᠠᠮᠢᠶᠠᠷᠤᠯᠲᠠ ᠶᠢ ᠣᠷᠣᠯᠠᠭᠤᠯᠬᠤ ᠦᠶᠯᠡ ᠠᠵᠢᠯᠯᠠᠭ᠎ᠠ ᠶᠢ ᠡᠷᠡᠰ ᠰᠡᠷᠭᠡᠶᠢᠯᠡᠬᠦ ᠬᠡᠷᠡᠭᠲᠡᠢ᠃      ᠬᠤᠶᠠᠷ ᠲᠤ᠂ ᠬᠠᠮᠠᠭᠠᠯᠠᠨ ᠠᠷᠠᠴᠢᠯᠠᠬᠤ ᠶᠢ ᠴᠢᠩᠭᠠᠳᠬᠠᠨ᠎ᠠ᠃ ᠠᠮᠤᠷ ᠢ ᠬᠠᠮᠠᠭᠠᠯᠠᠬᠤ ᠨᠢᠭᠡᠴᠡ ᠨᠦᠭᠦᠳ ᠠᠷᠠᠴᠢᠯᠠᠨ ᠬᠠᠮᠠᠭᠠᠯᠠᠬᠤ ᠠᠵᠢᠯ ᠤᠨ ᠶᠠᠰᠤ ᠴᠢᠨᠠᠷ ᠢᠶᠠᠨ ᠦᠨᠡᠨᠬᠦ ᠳᠡᠭᠡᠭᠰᠢᠯᠡᠭᠦᠯᠵᠦ᠂ ᠴᠠᠬᠢᠯᠭᠠᠨ ᠱᠠᠲᠤ ᠶᠢᠨ ᠠᠮᠤᠷ ᠲᠦᠪᠰᠢᠨ ᠤ ᠴᠢᠳᠠᠮᠵᠢ ᠶᠢ ᠪᠠᠲᠤᠯᠠᠬᠤ ᠬᠡᠷᠡᠭᠲᠡᠢ᠃ ᠬᠠᠮᠠᠭᠠᠯᠠᠨ ᠠᠷᠠᠴᠢᠯᠠᠬᠤ ᠲᠥᠯᠥᠪᠯᠡᠭᠡ ᠪᠠ ᠲᠥᠰᠥᠯ ᠲᠠᠢ ᠤᠶᠠᠯᠳᠤᠭᠤᠯᠤᠨ᠂ ᠤᠤᠯ ᠤᠨ ᠬᠠᠮᠠᠭᠠᠯᠠᠨ ᠠᠷᠠᠴᠢᠯᠠᠬᠤ ᠲᠥᠷᠥᠯ ᠵᠦᠢᠯ ᠢ ᠬᠢᠨᠠᠮᠠᠭᠠᠢ ᠰᠠᠶᠢᠲᠤᠷ ᠬᠢᠬᠦ ᠶᠢᠨ ᠬᠠᠮᠲᠤ᠂ ᠴᠠᠬᠢᠯᠭᠠᠨ ᠱᠠᠲᠤ ᠶᠢᠨ ᠡᠰᠡᠷᠭᠦ ᠳᠡᠭᠡᠰᠦᠨ ᠬᠦᠷᠳᠦ᠂ ᠵᠠᠯᠠᠭᠤᠷ ᠵᠠᠮ᠂ ᠬᠤᠷᠳᠤᠴᠠ ᠬᠢᠵᠠᠭᠠᠷᠯᠠᠭᠴᠢ᠂ ᠠᠮᠤᠷ ᠲᠦᠪᠰᠢᠨ ᠤ ᠬᠠᠪᠴᠢᠭᠤᠷ ᠤᠨ ᠬᠠᠮᠠᠭᠠᠯᠠᠨ ᠠᠷᠠᠴᠢᠯᠠᠬᠤ ᠵᠢᠴᠢ ᠬᠤᠷᠳᠤᠴᠠ ᠬᠢᠵᠠᠭᠠᠷᠯᠠᠭᠴᠢ ︱ ᠠᠮᠤᠷ ᠲᠦᠪᠰᠢᠨ ᠤ ᠬᠠᠪᠴᠢᠭᠤᠷ ᠤᠨ ᠬᠤᠯᠪᠤᠭᠠᠯᠠᠨ ᠬᠥᠳᠡᠯᠦᠯᠴᠡᠬᠦ ᠲᠤᠷᠰᠢᠯᠲᠠ᠂ ᠴᠠᠬᠢᠯᠭᠠᠨ ᠱᠠᠲᠤ ᠶᠢᠨ ᠲᠣᠷᠮᠣᠰᠯᠠᠭᠤᠷ ᠤᠨ ᠬᠠᠮᠠᠭᠠᠯᠠᠯᠲᠠ ᠶᠢᠨ ᠴᠢᠳᠠᠮᠵᠢ ᠶᠢ ᠪᠠᠶᠢᠴᠠᠭᠠᠨ ᠰᠢᠯᠭᠠᠬᠤ ᠲᠣᠨᠣᠭᠯᠠᠯ ᠤᠨ ᠬᠦᠴᠦᠨ ᠪᠦᠬᠦᠢ ᠴᠢᠨᠠᠷ ᠢ ᠰᠢᠯᠭᠠᠨ ᠪᠠᠲᠤᠯᠠᠬᠤ ᠴᠢᠳᠠᠪᠤᠷᠢ ᠶᠢ ᠠᠯᠢ ᠲᠦᠷᠭᠡᠨ ᠢᠶᠠᠷ ᠨᠡᠮᠡᠭᠳᠡᠭᠦᠯᠦᠨ᠎ᠡ︔ ᠲᠣᠭᠲᠠᠭᠰᠠᠨ ᠠᠴᠢᠶᠠᠨ ᠤ ᠬᠡᠮᠵᠢᠶ᠎ᠡ ᠨᠢ 1600kg ᠵᠢᠴᠢ ᠲᠡᠭᠦᠨ ᠠᠴᠠ ᠳᠡᠭᠡᠭᠰᠢᠬᠢ ᠴᠢᠷᠦᠯᠲᠡ ᠶᠢᠨ ᠬᠥᠳᠡᠯᠭᠡᠭᠦᠷ ᠤᠨ ᠠᠶᠠᠨᠴᠢᠳ ᠤᠨ ᠴᠠᠬᠢᠯᠭᠠᠨ ᠱᠠᠲᠤ ᠪᠠ ᠲᠣᠭᠲᠠᠭᠰᠠᠨ ᠠᠴᠢᠶᠠᠨ ᠤ ᠬᠡᠮᠵᠢᠶ᠎ᠡ ᠨᠢ 3000kg ᠵᠢᠴᠢ ᠲᠡᠭᠦᠨ ᠠᠴᠠ ᠳᠡᠭᠡᠭᠰᠢᠬᠢ ᠴᠢᠷᠦᠯᠲᠡ ᠶᠢᠨ ᠬᠥᠳᠡᠯᠭᠡᠭᠦᠷ ᠤᠨ ᠠᠴᠢᠶᠠᠨ ᠤ ᠴᠠᠬᠢᠯᠭᠠᠨ ᠱᠠᠲᠤ ᠳᠤ ᠪᠣᠯ᠂ ᠰᠠᠭᠤᠳᠠᠯ ᠤᠨ ᠥᠷᠥᠭᠡᠨ ᠳᠤ ᠲᠣᠭᠲᠠᠭᠰᠠᠨ ᠠᠴᠢᠶ᠎ᠠ ᠶᠢ ᠠᠴᠢᠶᠠᠯᠠᠨ᠂ ᠪᠠᠶᠢᠴᠠᠭᠠᠨ ᠰᠡᠯᠪᠢᠬᠦ ᠬᠤᠷᠳᠤᠴᠠ ᠪᠠᠷ ᠬᠤᠷᠳᠤᠴᠠ ᠶᠢ ᠬᠢᠵᠠᠭᠠᠷᠯᠠᠬᠤ ᠪᠠᠭᠠᠵᠢ ︱ ᠠᠶᠤᠯ ᠦᠭᠡᠢ ᠶᠢᠨ ᠬᠠᠪᠴᠢᠭᠤᠷ ᠢᠶᠠᠷ ᠬᠤᠯᠪᠣᠯᠳᠤᠭᠤᠯᠬᠤ ᠲᠤᠷᠰᠢᠯᠲᠠ ᠬᠢᠨ᠎ᠡ᠃      ᠭᠤᠷᠪᠠ ᠳᠤ᠂ ᠲᠤᠰᠬᠠᠢ ᠵᠦᠢᠯ ᠤᠨ ᠪᠠᠶᠢᠴᠠᠭᠠᠯᠲᠠ ᠶᠢ ᠥᠷᠨᠢᠭᠦᠯᠦᠨ᠎ᠡ᠃ ᠴᠠᠬᠢᠯᠭᠠᠨ ᠱᠠᠲᠤ ᠬᠡᠷᠡᠭᠯᠡᠬᠦ ᠨᠢᠭᠡᠴᠡ ᠳᠤ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠵᠢᠭᠰᠠᠭᠠᠨ ᠪᠠᠶᠢᠴᠠᠭᠠᠬᠤ ᠶᠢᠨ ᠭᠤᠣᠯᠳᠠᠯᠭ᠎ᠠ ᠶᠢ ᠬᠥᠮᠥᠨ ᠬᠠᠷ᠎ᠠ ᠣᠯᠠᠨ᠂ ᠴᠠᠬᠢᠯᠭᠠᠨ ᠱᠠᠲᠤ ᠬᠡᠷᠡᠭᠯᠡᠬᠦ ᠳᠠᠪᠲᠠᠮᠵᠢ ᠪᠠᠷ ᠥᠨᠳᠥᠷ᠂ ᠠᠶᠤᠯ ᠲᠦᠭᠰᠢᠭᠦᠷᠢ ᠶᠢᠨ ᠳᠠᠯᠳᠠ ᠬᠡᠮ ᠶᠡᠭᠡ ᠣᠷᠣᠰᠢᠵᠤ ᠪᠠᠶᠢᠭ᠎ᠠ ᠨᠢᠭᠡᠴᠡ ᠳᠤ ᠲᠠᠯᠪᠢᠵᠤ᠂ ᠴᠠᠬᠢᠯᠭᠠᠨ ᠱᠠᠲᠤ ᠶᠢᠨ ︽ᠡᠪᠡᠳᠴᠢᠨ ᠲᠠᠢ ᠪᠠᠷ ᠠᠵᠢᠯᠯᠠᠬᠤ︾ ᠵᠡᠷᠭᠡ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠠᠳᠡᠯ ᠤᠨ ᠳᠠᠯᠳᠠ ᠬᠡᠮ ᠣᠷᠣᠰᠢᠵᠤ ᠮᠡᠳᠡᠬᠦ ᠴᠠᠬᠢᠯᠭᠠᠨ ᠱᠠᠲᠤ ᠳᠤ ᠴᠥᠮ ︽ᠤᠷᠢᠳᠠᠪᠠᠷ ᠵᠣᠭᠰᠣᠭᠠᠵᠤ ᠳᠠᠷᠠᠭ᠎ᠠ ᠨᠢ ᠥᠭᠡᠷᠡᠴᠢᠯᠡᠬᠦ︾ ᠶᠢ ᠬᠡᠷᠡᠭᠵᠢᠭᠦᠯᠦᠨ᠎ᠡ᠃ ᠡᠭᠦᠨ ᠤ ᠬᠠᠮᠲᠤ ᠪᠠᠶᠢᠴᠠᠭᠠᠬᠤ ᠶᠠᠪᠤᠴᠠ ᠳᠤ ᠥᠪᠡᠷ ᠢ ᠪᠠᠨ ᠪᠠᠶᠢᠴᠠᠭᠠᠭᠰᠠᠨ ᠦᠷ᠎ᠡ ᠳ᠋ᠦᠩ ᠪᠠ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠠᠶᠢᠴᠠᠭᠠᠨ ᠰᠢᠯᠭᠠᠵᠤ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠦᠷ᠎ᠡ ᠳ᠋ᠦᠩ ᠲᠠᠢ ᠤᠶᠠᠯᠳᠤᠭᠤᠯᠤᠨ᠂ ᠡᠯ᠎ᠡ ᠲᠥᠷᠥᠯ ᠤᠨ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠣᠲᠣ ᠪᠣᠯᠲᠠᠯ᠎ᠠ᠂ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠯᠲᠠ ᠳᠤ ᠨᠢᠭᠡᠨᠲᠡ 11 ᠬᠡᠷᠡᠭᠯᠡᠬᠦ ᠨᠢᠭᠡᠴᠡ ᠶᠢ ᠪᠠᠶᠢᠴᠠᠭᠠᠵᠤ᠂ 27 ᠴᠠᠬᠢᠯᠭᠠᠨ ᠱᠠᠲᠤ ᠶᠢ ᠰᠤᠭᠤᠴᠢᠨ ᠪᠠᠶᠢᠴᠠᠭᠠᠪᠠ᠃ ᠵᠠᠯᠭᠠᠭᠠᠳ᠂ ᠮᠠᠨ ᠤ ᠲᠣᠪᠴᠢᠶ᠎ᠠ ᠦᠷᠭᠦᠯᠵᠢᠯᠡᠨ ᠬᠡᠷᠡᠭᠯᠡᠬᠦ᠂ ᠬᠠᠮᠠᠭᠠᠯᠠᠬᠤ ᠨᠢᠭᠡᠴᠡ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠡᠷᠡᠭᠯᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠪᠠ ᠬᠠᠮᠠᠭᠠᠯᠠᠨ ᠠᠷᠠᠴᠢᠯᠠᠬᠤ ᠠᠵᠢᠯ ᠢ ᠴᠢᠩᠭᠠᠳᠬᠠᠨ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠳᠡᠯ ᠤᠨ ᠳᠠᠯᠳᠠ ᠬᠡᠮ ᠢ ᠠᠷᠢᠯᠭᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠣᠯᠠᠨ ᠲᠦᠮᠡᠨ ᠤ ᠱᠠᠲᠤᠨ ᠳᠤ ᠰᠠᠭᠤᠬᠤ ᠠᠮᠤᠷ ᠲᠦᠪᠰᠢᠨ ᠢ ᠪᠠᠲᠤᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1