ᠲᠤᠭᠳᠠᠬᠤ ᠰᠢᠶᠠᠨ᠄ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠦᠷ᠎ᠡ ᠪᠦᠲᠦᠮᠵᠢ ᠣᠯᠬᠤ ᠶᠢ  ᠠᠬᠢᠭᠤᠯᠪᠠ
ᠨᠡᠶᠢᠲᠡᠯᠡᠭᠰᠡᠨ ᠴᠠᠭ᠄
2023/11/21
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠲᠤᠭᠳᠠᠬᠤ ᠰᠢᠶᠠᠨ ᠤ ᠬᠢᠨ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠬᠦᠰᠦᠨᠦᠭᠲᠦ ᠶᠢ ᠴᠢᠩᠭ᠎ᠠ ᠬᠠᠷᠭᠤᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠨᠢᠭᠡ ᠪᠦᠯᠦᠭ ᠬᠥᠭᠵᠢᠯᠲᠡ ᠳᠤ ᠬᠡᠷᠡᠭᠴᠡᠭᠡ ᠲᠠᠢ᠂ ᠦᠨᠳᠦᠰᠦᠨ ᠱᠠᠲᠤᠨ ᠤ ᠬᠦᠰᠡᠯ ᠲᠠᠢ᠂ ᠠᠷᠠᠳ ᠤᠨ ᠰᠡᠳᠬᠢᠯ ᠤᠨ ᠬᠠᠨᠳᠤᠰᠢ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ ᠠᠬᠢᠭᠤᠯᠵᠤ᠂ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠠᠢ᠃      ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠡᠬᠢᠨ ᠤ ᠦᠶ᠎ᠡ ᠠᠴᠠ ᠰᠢᠶᠠᠨ ᠤ ᠨᠠᠮ ᠤᠨ ᠬᠤᠷᠢᠶ᠎ᠠ ᠨᠢ ᠳᠠᠷᠤᠢ ᠰᠢᠶᠠᠨ ᠭᠠᠵᠠᠷ ᠤᠨ ᠳᠡᠰ ᠤᠨ ᠺᠠᠳ᠋ᠷᠴᠤᠳ ᠢ ᠲᠤᠰ ᠲᠤᠰ ᠤᠨ ᠠᠵᠢᠯ ᠪᠠ ᠡᠭᠦᠷᠭᠡᠯᠡᠵᠦ ᠪᠠᠶᠢᠭ᠎ᠠ ᠭᠤᠣᠯᠳᠠᠯᠭ᠎ᠠ ᠲᠠᠢ ᠡᠭᠦᠷᠭᠡ ᠲᠠᠢ ᠪᠠᠨ ᠤᠶᠠᠯᠳᠤᠭᠤᠯᠤᠨ ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢ ᠲᠣᠳᠣᠷᠬᠠᠢ ᠪᠣᠯᠭᠠᠬᠤ᠂ ᠠᠰᠠᠭᠤᠳᠠᠯ ᠢ ᠲᠤᠤᠱᠲᠠᠢ ᠰᠤᠳᠤᠯᠬᠤ᠂ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ᠂ ᠬᠠᠨᠳᠤᠯᠭᠠᠲᠤ ᠴᠢᠨᠠᠷᠲᠠᠢ ᠪᠠᠷ ᠪᠠᠶᠢᠴᠠᠭᠠᠨ ᠰᠤᠳᠤᠯᠤᠯᠲᠠ ᠬᠢᠵᠦ᠂ ᠨᠡᠶᠢᠳᠡ 26 ᠰᠡᠳᠦᠪ ᠢ ᠲᠣᠳᠣᠷᠬᠠᠶᠢᠯᠠᠵᠤ᠂ 83 ᠠᠰᠠᠭᠤᠳᠠᠯ ᠢ ᠡᠮᠬᠢᠯᠡᠵᠦ᠂ ︽ᠰ᠊ ᠵᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠡᠳᠬᠢᠴᠡ ᠥᠷᠭᠡᠨ ᠪᠤᠰᠤ᠂ ᠡᠷᠴᠢᠮ ᠴᠢᠩᠭ᠎ᠠ ᠪᠢᠰᠢ᠂ ᠦᠷ᠎ᠡ ᠪᠦᠲᠦᠮᠵᠢ ᠢᠯᠡᠷᠬᠡᠢ ᠪᠤᠰᠤ︾ ︽ᠤᠯᠠᠮᠵᠢᠯᠠᠯᠲᠤ ᠠᠵᠤ ᠦᠢᠯᠡᠰ ᠣᠷᠣᠨ ᠳᠠᠭᠠᠨ ᠠᠯᠬᠤᠵᠤ᠂ ᠢᠷᠡᠭᠡᠳᠦᠢ ᠶᠢᠨ ᠠᠵᠤ ᠦᠢᠯᠡᠰ ᠬᠦᠨᠳᠦ ᠨᠣᠴᠢᠲᠠᠢ ᠬᠦᠷᠦᠯᠴᠡᠬᠦ ᠦᠭᠡᠢ ᠪᠠᠶᠢᠬᠤ ᠶᠢ ᠪᠠᠶᠢᠷᠢᠰᠢᠭᠤᠯᠬᠤ︾ ᠵᠡᠷᠭᠡ ᠲᠤᠭᠳᠠᠬᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠬᠤ ᠲᠠᠯ᠎ᠠ ᠪᠠᠷ ᠬᠢ 10 ᠲᠣᠪᠣᠶᠢᠮ᠎ᠠ ᠠᠰᠠᠭᠤᠳᠠᠯ ᠢ ᠬᠤᠷᠢᠶᠠᠩᠭᠤᠶᠢᠯᠠᠨ ᠪᠦᠷᠢᠯᠳᠦᠭᠦᠯᠵᠡᠢ᠃ ᠪᠦᠬᠦ ᠰᠢᠶᠠᠨ ᠢᠶᠠᠷ ᠢᠶᠠᠨ ᠵᠣᠷᠢᠭ ᠰᠢᠭᠤᠳᠤᠨ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠮᠢᠩᠭᠠᠨ ᠳ᠋ᠦᠩᠰᠢᠭᠤᠷ ᠲᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠵᠣᠷᠢᠭ ᠰᠢᠭᠤᠳᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠪᠠᠶᠢᠳᠠᠯ ᠢ ᠨᠡᠭᠡᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠰᠠᠶᠢᠲᠤᠷ ᠬᠢᠪᠡ᠃      ᠡᠯ᠎ᠡ ᠱᠠᠲᠤᠨ ᠤ ᠡᠯ᠎ᠡ ᠲᠦᠷᠦᠯ ᠤᠨ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠶᠡᠬᠡᠰᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠳᠡᠭᠡᠳᠦ ᠱᠠᠲᠤᠨ ᠤ ᠬᠠᠷᠢᠭᠤ ᠲᠤᠰᠬᠠᠬᠤ ᠳᠤ ᠵᠢᠭᠠᠵᠤ ᠭᠠᠷᠭᠠᠭᠰᠠᠨ ᠠᠰᠠᠭᠤᠳᠠᠯ ᠤᠨ ᠲᠣᠭᠤᠷᠢᠨ ᠳᠤ ᠴᠡᠭᠴᠡᠯᠡᠨ ᠰᠠᠶᠢᠵᠢᠷᠠᠭᠤᠯᠬᠤ ᠶᠢ ᠠᠳᠬᠤᠪᠠ᠃ ᠡᠭᠦᠨ ᠤ ᠬᠠᠮᠲᠤ᠂ ᠴᠡᠭ ᠢᠶᠠᠷ ᠨᠡᠶᠢᠳᠡᠮ ᠢ ᠳᠠᠶᠢᠴᠢᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠤᠰᠤᠳ ᠠᠷᠭ᠎ᠠ ᠵᠠᠮ ᠢᠶᠠᠷ ᠢᠯᠡᠷᠡᠭᠦᠯᠦᠭᠰᠡᠨ ᠠᠰᠠᠭᠤᠳᠠᠯ ᠲᠠᠢ ᠤᠶᠠᠯᠳᠤᠭᠤᠯᠤᠨ ᠨᠠᠷᠢᠨ ᠳᠠᠩᠰᠠᠨ ᠳᠤ ᠣᠷᠣᠭᠤᠯᠵᠤ᠂ 27 ᠪᠣᠳᠠᠲᠠᠢ ᠠᠰᠠᠭᠤᠳᠠᠯ ᠤᠨ ᠨᠠᠷᠢᠨ ᠳᠠᠩᠰᠠ ᠶᠢ ᠪᠦᠷᠢᠯᠳᠦᠭᠦᠯᠵᠦ᠂ ᠡᠬᠡ ᠳᠠᠩᠰᠠ ᠶᠢᠨ ᠬᠠᠮᠢᠶᠠᠷᠤᠯᠲᠠ᠂ ᠨᠣᠮᠧᠷ ᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠤᠨ ᠳᠠᠷᠠᠭᠠᠯᠠᠯ ᠢᠶᠠᠷ ᠨᠢᠭᠡᠳ ᠨᠢᠭᠡ ᠪᠠᠷ ᠠᠬᠢᠭᠤᠯᠤᠨ ᠰᠢᠢᠳᠪᠦᠷᠢᠯᠡᠪᠡ᠃      ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠤᠨ ᠲᠣᠭᠤᠷᠢᠨ ᠳᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠰᠠᠨᠠᠭ᠎ᠠ ᠶᠢ ᠲᠥᠪᠯᠡᠷᠡᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠶᠢᠯ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ᠂ ᠬᠤᠣᠰᠯᠠᠯ ᠪᠠᠶᠢᠭᠤᠯᠤᠨ ᠬᠤᠯᠪᠣᠭᠠᠯᠠᠬᠤ ᠶᠢ ᠳᠠᠭᠠᠭᠠᠴᠢᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢ ᠢᠳᠡᠪᠬᠢᠲᠡᠢ ᠪᠠᠷ ᠴᠤᠭᠯᠠᠭᠤᠯᠤᠨ ᠡᠷᠢᠵᠦ᠂ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠨ᠂ ᠠᠰᠠᠭᠤᠳᠠᠯ ᠢ ᠨᠢᠭᠡᠳ ᠨᠢᠭᠡ ᠪᠠᠷ ᠲᠣᠳᠣᠷᠬᠠᠢ ᠬᠠᠭᠤᠳᠠᠰᠤ ᠪᠣᠯᠭᠠᠵᠤ᠂ ᠡᠬᠡ ᠳᠠᠩᠰᠠ ᠶᠢ ᠰᠠᠶᠢᠲᠤᠷ ᠪᠠᠶᠢᠭᠤᠯᠵᠤ᠂ ᠡᠴᠦᠰ ᠲᠤᠨᠢ ᠲᠤᠯᠲᠠᠯ᠎ᠠ ᠠᠳᠬᠤᠵᠤ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠨᠠᠶᠢᠳᠠ 86 ᠬᠤᠪᠢ ᠣᠷᠣᠯᠠᠨ ᠰᠢᠢᠳᠪᠦᠷᠢᠯᠡᠵᠦ᠂ 73 ᠬᠤᠪᠢ ᠰᠢᠢᠳᠪᠦᠷᠢᠯᠡᠯᠲᠡ ᠶᠢ ᠰᠢᠢᠳᠪᠦᠷᠢᠯᠡᠨ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ᠂ ᠴᠠᠭ ᠬᠢᠵᠠᠭᠠᠷᠯᠠᠨ ᠰᠢᠢᠳᠪᠦᠷᠢᠯᠡᠭᠰᠡᠨ ᠨᠤᠷᠮ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠭᠡᠳ᠂ ︽ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠵᠦ︾ ᠪᠠᠶᠢᠭᠰᠠᠨ ᠠᠴᠠ ︽ᠤᠯᠠᠨ ᠲᠦᠮᠡᠨ ᠢ ᠣᠷᠣᠯᠠᠨ ᠭᠦᠢᠴᠡᠳᠬᠡᠬᠦ︾ ᠪᠣᠯᠭᠠᠵᠤ᠂ ︽ᠰᠠᠨᠠᠭᠠᠴᠢᠯᠠᠭ᠎ᠠ ᠲᠠᠢ ᠪᠠᠷ ᠵᠥᠷᠢᠴᠡᠯ ᠢ ᠨᠠᠮᠳᠠᠭᠤᠯᠵᠤ︾ ᠪᠠᠶᠢᠭᠰᠠᠨ ᠠᠴᠠ ︽ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠪᠡ᠃      ᠲᠤᠭᠳᠠᠬᠤ ᠰᠢᠶᠠᠨ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠴᠡᠭᠴᠡᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ ᠂ ᠠᠯᠢ ᠤᠯᠠᠨ ᠨᠢᠳᠦᠨ ᠳᠤ ᠦᠵᠡᠭᠳᠡᠵᠦ ᠪᠠᠶᠢᠭ᠎ᠠ ᠪᠣᠳᠠᠲᠤ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠳᠡ ᠦᠭᠡᠢ ᠠᠬᠢᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1