ᠲᠣᠭᠲᠠᠬᠤ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠭᠤᠷᠢᠨ ᠬᠠᠮᠠᠭᠠᠯᠠᠬᠤ ᠬᠢᠨᠠᠨ ᠬᠡᠮᠵᠢᠯᠲᠡ ᠥᠷᠨᠢᠭᠦᠯᠵᠦ ᠨᠠᠮᠤᠷ ᠡᠪᠦᠯ ᠤᠨ ᠤᠯᠠᠷᠢᠯ ᠤᠨ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠬᠦ ᠶᠢ ᠦᠨᠡᠨ ᠬᠦ ᠪᠠᠲᠤᠯᠠᠪᠠ
ᠨᠡᠶᠢᠲᠡᠯᠡᠭᠰᠡᠨ ᠴᠠᠭ᠄
2023/11/21
      ᠡᠨᠡ ᠵᠢᠯ ᠠᠴᠠ ᠨᠠᠰᠢ᠂ ᠮᠠᠨ ᠤ ᠰᠢᠶᠠᠨ ᠤ ᠠᠮᠢ ᠠᠬᠤᠢ ᠶᠢᠨ ᠣᠷᠴᠢᠨ ᠨᠥᠬᠦᠴᠡᠯ ᠤᠨ ᠰᠠᠶᠢᠵᠢᠷᠠᠯᠲᠠ ᠪᠠ ᠳᠡᠭᠡᠭᠰᠢᠯᠡᠯᠲᠡ ᠶᠢ ᠳᠠᠭᠠᠯᠳᠤᠨ᠂ ᠠᠷᠠᠳ ᠣᠯᠠᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠤᠬᠠᠮᠰᠠᠷ ᠴᠢᠩᠭᠠᠷᠠᠵᠤ᠂ ᠮᠠᠰᠢ ᠣᠯᠠᠨ ᠨᠡᠭᠦᠳᠡᠯ ᠤᠨ ᠰᠢᠪᠠᠭᠤᠨ ᠤ ᠲᠥᠷᠥᠯ ᠪᠠ ᠬᠡᠭᠡᠷ᠎ᠡ ᠶᠢᠨ ᠠᠮᠢᠲᠠᠨ ᠤ ᠠᠮᠢᠳᠤᠷᠠᠯ ᠢ ᠲᠡᠳᠡᠨ ᠠᠪᠴᠢᠷᠠᠵᠤ᠂ ᠨᠡᠭᠦᠳᠡᠯ ᠤᠨ ᠰᠢᠪᠠᠭᠤᠨ ᠤ ᠨᠡᠭᠦᠳᠡᠯ ᠤᠨ ᠰᠦᠷᠦᠭ ᠤᠨ ᠲᠤᠭ᠎ᠠ ᠨᠢᠳᠤᠨᠤᠨ ᠤ ᠬᠢ ᠠᠴᠠ ᠢᠯᠡᠳᠲᠡ ᠨᠡᠮᠡᠭᠳᠡᠨ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃
     ᠨᠠᠮᠤᠷ ᠡᠪᠦᠯ ᠤᠨ ᠤᠯᠠᠷᠢᠯ ᠤᠨ ᠨᠡᠭᠦᠳᠡᠯ ᠤᠨ ᠰᠢᠪᠠᠭᠤ ᠵᠢᠴᠢ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢ ᠪᠠᠲᠤᠯᠠᠵᠤ᠂ ᠲᠣᠭᠲᠠᠬᠤ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠥᠪ ᠨᠢ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ᠂ ᠢᠳᠡᠰᠢ ᠡᠷᠢᠬᠦ ᠭᠠᠵᠠᠷ᠂ ᠨᠡᠭᠦᠳᠡᠯᠯᠡᠨ ᠠᠮᠠᠷᠠᠬᠤ ᠭᠠᠵᠠᠷ᠂ ᠲᠥᠪᠯᠡᠷᠡᠨ ᠲᠠᠷᠬᠠᠬᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠬᠢᠵᠠᠭᠠᠷᠯᠠᠬᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠥᠭᠡᠰᠢ ᠲᠠᠲᠠᠵᠤ ᠵᠢᠭᠰᠠᠭᠠᠨ ᠪᠠᠶᠢᠴᠠᠭᠠᠬᠤ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠬᠠᠮᠠᠭᠠᠯᠠᠬᠤ ᠶᠢ ᠲᠥᠪᠯᠡᠷᠡᠭᠦᠯᠦᠨ ᠥᠷᠨᠢᠭᠦᠯᠵᠦ᠂ ᠬᠢᠨᠠᠨ ᠬᠡᠮᠵᠢᠵᠦ ᠲᠣᠭᠤᠷᠢᠨ ᠬᠠᠮᠠᠭᠠᠯᠠᠬᠤ ᠴᠡᠭ ᠢ ᠨᠡᠮᠡᠭᠳᠡᠭᠦᠯᠦᠨ᠂ ᠠᠪᠠ ᠶᠢᠨ ᠳᠤᠭᠲᠤᠢ᠂ ᠠᠪᠠ ᠶᠢᠨ ᠬᠠᠪᠴᠢᠭᠤᠷ᠂ ᠰᠢᠪᠠᠭᠤ ᠠᠩᠨᠠᠬᠤ ᠲᠣᠣᠷ ᠵᠡᠷᠭᠡ ᠡᠯ᠎ᠡ ᠲᠥᠷᠥᠯ ᠤᠨ ᠬᠠᠤᠯᠢ ᠪᠤᠰᠤ ᠪᠠᠷ ᠠᠩᠨᠠᠬᠤ ᠪᠠᠭᠠᠵᠢ ᠬᠡᠷᠡᠭᠰᠡᠯ ᠢ ᠲᠤᠶᠢᠯᠪᠤᠷᠢᠲᠠᠢ ᠠᠷᠢᠯᠭᠠᠵᠤ᠂ ᠬᠡᠭᠡᠷ᠎ᠡ ᠶᠢᠨ ᠠᠮᠢᠲᠠᠨ ᠢ ᠠᠩᠨᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠰᠡᠷᠭᠡᠶᠢᠯᠡᠨ ᠴᠣᠬᠢᠯᠲᠠ ᠥᠭᠴᠦ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ ᠠᠮᠢᠲᠠᠨ ᠳᠤ ᠠᠮᠤᠷ ᠲᠦᠪᠰᠢᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1