ᠲᠣᠭᠲᠠᠬᠤ ᠰᠢᠶᠠᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠄ ︽ᠳᠥᠷᠪᠡᠨ ᠠᠩᠬᠠᠷᠤᠯ ᠤᠨ ᠲᠥᠪᠯᠡᠷᠡᠯ︾ ᠢ ᠪᠠᠲᠤᠲᠠᠢ ᠬᠡᠷᠡᠭᠵᠢᠭᠦᠯᠵᠦ ᠭᠤᠣᠯ ᠰᠡᠳᠦᠪᠲᠦ ᠬᠥᠮᠦᠵᠢᠯ  ᠢ ᠠᠮᠵᠢᠯᠲᠠ ᠪᠦᠲᠦᠮᠵᠢ ᠭᠠᠷᠭᠠᠬᠤ  ᠶᠢ ᠠᠬᠢᠭᠤᠯᠪᠠ
ᠨᠡᠶᠢᠲᠡᠯᠡᠭᠰᠡᠨ ᠴᠠᠭ᠄
2023/11/21
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠭᠤᠣᠯ  ᠰᠡᠳᠦᠪᠳᠦ ᠬᠦᠮᠦᠵᠢᠯ ᠲᠠᠢ ᠨᠢᠭᠲᠠ ᠤᠶᠠᠯᠳᠤᠭᠤᠯᠵᠤ᠂ ᠬᠦᠴᠦᠯᠡᠨ ᠴᠢᠷᠮᠠᠶᠢᠵᠤ᠂ ᠤᠨᠤᠯ ᠤᠨ ᠰᠤᠷᠤᠯᠴᠠᠯᠭ᠎ᠠ᠂ ᠤᠬᠠᠭᠤᠯᠤᠨ ᠲᠠᠶᠢᠯᠪᠤᠷᠢᠯᠠᠬᠤ᠂ ᠦᠨᠳᠦᠰᠦᠨ ᠱᠠᠲᠤᠨ ᠳᠤ ᠦᠢᠯᠡᠴᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ᠃      ︱ ᠣᠨᠣᠯ ᠤᠨ ᠰᠤᠷᠤᠯᠴᠠᠯᠭ᠎ᠠ ᠨᠢ ᠨᠠᠮᠴᠢ ᠴᠢᠨᠠᠷ ᠢᠶᠠᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠳᠤ ᠠᠩᠬᠠᠷᠤᠯ ᠢᠶᠠᠨ ᠲᠥᠪᠯᠡᠷᠡᠭᠦᠯᠦᠨ᠎ᠡ      ᠤᠳᠤᠷᠢᠳᠬᠤ ᠺᠠᠳ᠋ᠷ ᠤᠷᠢᠳᠠᠪᠠᠷ ᠰᠤᠷᠤᠯᠴᠠᠬᠤ᠂ ᠭᠦᠨᠵᠡᠭᠡᠢ ᠰᠤᠷᠤᠯᠴᠠᠬᠤ ᠪᠠᠷ ᠳᠠᠮᠵᠢᠭᠤᠯᠵᠤ᠂ ᠰᠤᠷᠤᠯᠴᠠᠨ ᠰᠤᠳᠤᠯᠤᠨ ᠶᠠᠷᠢᠯᠴᠠᠬᠤ᠂ ᠣᠶᠢᠯᠠᠭᠠᠯᠲᠠ ᠪᠠᠨ ᠶᠠᠷᠢᠯᠴᠠᠬᠤ᠂ ᠨᠠᠮ ᠤᠨ ᠬᠢᠴᠢᠶᠡᠯ ᠣᠷᠣᠬᠤ ᠶᠢ ᠲᠦᠷᠦᠭᠦᠯᠡᠨ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ ᠶᠢ ᠬᠥᠲᠥᠯᠥᠨ ᠳᠠᠭᠠᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠬᠦ ᠤᠬᠠᠭᠠᠨ ᠢ ᠪᠡᠶᠡᠯᠡᠭᠦᠯᠪᠡ︔ ᠨᠠᠮ ᠤᠨ ᠡᠭᠦᠷ ᠤᠨ ᠲᠥᠪᠯᠡᠷᠡᠩᠭᠦᠢ ᠰᠤᠷᠤᠯᠴᠠᠯᠭ᠎ᠠ᠂ ᠨᠠᠮ ᠤᠨ ᠭᠡᠰᠢᠭᠦᠨ ᠤ ᠥᠪᠡᠷ ᠢᠶᠠᠨ ᠰᠤᠷᠤᠯᠴᠠᠬᠤ ᠪᠠᠷ ᠳᠠᠮᠵᠢᠭᠤᠯᠵᠤ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ︽ᠤᠮᠠᠷᠠᠲᠤ ᠬᠢᠯᠢ ᠶᠢᠨ ᠬᠤᠰᠢᠭᠤᠴᠢ︾ ᠵᠡᠷᠭᠡ ᠠᠴᠢᠶᠠᠯᠠᠪᠤᠷᠢ ᠶᠢ ᠠᠰᠢᠭᠯᠠᠨ ᠡᠳᠦᠷ ᠲᠤᠳᠤᠮ ᠤᠨ ᠰᠤᠷᠤᠯᠴᠠᠯᠭ᠎ᠠ ᠶᠢ ᠥᠷᠨᠢᠭᠦᠯᠬᠦ ᠬᠡᠷᠡᠭᠲᠡᠢ᠃ ᠨᠠᠮ ᠤᠨ ᠭᠡᠰᠢᠭᠦᠨ ᠺᠠᠳ᠋ᠷ ᠢ ᠰᠣᠩᠭᠤᠨ ᠲᠣᠮᠢᠯᠠᠵᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠡᠷᠬᠢᠯᠡᠭᠰᠡᠨ ︽ᠨᠠᠮ ᠤᠨ ᠪᠠᠶᠢᠭᠤᠯᠤᠯᠲᠠ ᠪᠠᠷ ᠤᠭ ᠰᠠᠨᠠᠭ᠎ᠠ ᠪᠠᠨ ᠦᠢᠯᠡᠳᠦᠯᠭᠡᠵᠢᠭᠦᠯᠵᠦ ᠳᠠᠯᠠᠢ ᠭᠠᠲᠤᠯᠬᠤ ᠪᠠᠷ ᠤᠷᠤᠯᠳᠤᠨ ᠬᠤᠰᠢᠭᠤᠴᠢ ᠪᠠᠷ ᠲᠡᠮᠡᠴᠡᠬᠦ︾ ᠨᠠᠮ ᠤᠨ ᠪᠠᠶᠢᠭᠤᠯᠤᠯᠲᠠ ᠶᠢᠨ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠳᠤ ᠣᠷᠣᠯᠴᠠᠭᠤᠯᠵᠤ᠂ ᠠᠳᠠᠯᠢᠳᠬᠠᠬᠤ᠂ ᠰᠤᠷᠤᠯᠴᠠᠬᠤ᠂ ᠭᠦᠢᠴᠡᠬᠦ᠂ ᠳᠠᠪᠠᠵᠤ ᠭᠠᠷᠬᠤ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠪᠦᠬᠦ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠬᠤ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠲᠤᠯᠠᠵᠤ᠂ ︽ᠵᠣᠩᠬᠢᠯᠠᠬᠤ ᠤᠯᠠᠨ ᠲᠣᠭᠠᠨ︾ ᠤ ᠥᠷᠭᠡᠨ ᠳᠡᠯᠭᠡᠷ ᠰᠤᠷᠤᠯᠴᠠᠯᠭ᠎ᠠ ᠶᠢ ᠪᠡᠶᠡᠯᠡᠭᠦᠯᠦᠨ᠎ᠡ︔ ︽ᠨᠠᠮ ᠤᠨ ᠭᠡᠰᠢᠭᠦᠨ ᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠪᠠᠲᠤᠯᠠᠵᠤ᠂ ︽ᠵᠣᠩᠬᠢᠯᠠᠬᠤ ᠤᠯᠠᠨ ᠲᠣᠭᠠᠨ︾ ᠤ ᠥᠷᠭᠡᠨ ᠳᠡᠯᠭᠡᠷ ᠰᠤᠷᠤᠯᠴᠠᠯᠭ᠎ᠠ ᠶᠢ ᠪᠡᠶᠡᠯᠡᠭᠦᠯᠦᠨ᠎ᠡ︔ ᠰᠤᠷᠤᠯᠭ᠎ᠠ ᠶᠢ ᠭᠡᠷ ᠲᠤᠨᠢ ᠬᠦᠷᠭᠡᠬᠦ᠂ ᠨᠣᠮ ᠪᠢᠴᠢᠭ ᠢ ᠰᠢᠤᠳᠠᠨ ᠢᠶᠠᠷ ᠢᠯᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠭᠦᠳᠡᠯ ᠨᠠᠮ ᠤᠨ ᠭᠡᠰᠢᠭᠦᠨ᠂ ᠠᠵᠢᠯ   ᠠᠴᠠ ᠪᠠᠨ ᠰᠠᠯᠵᠤ ᠠᠮᠠᠷᠠᠭᠰᠠᠨ ᠪᠠ ᠠᠵᠢᠯ   ᠠᠴᠠ ᠪᠠᠨ ᠪᠠᠭᠤᠵᠤ ᠠᠮᠠᠷᠠᠭᠰᠠᠨ ᠨᠠᠮ ᠤᠨ ᠭᠡᠰᠢᠭᠦᠨ ᠵᠡᠷᠭᠡ ᠣᠨᠴᠠᠭᠠᠶ ᠬᠠᠮᠲᠤᠯᠢᠭ ᠲᠤ ᠰᠤᠷᠤᠯᠴᠠᠬᠤ ᠨᠣᠮ ᠪᠢᠴᠢᠭ ᠬᠤᠪᠢᠶᠠᠨ ᠥᠭᠴᠦ᠂ ᠬᠥᠮᠥᠨ ᠤ ᠨᠢᠭᠡ ᠬᠤᠪᠢ ᠶᠢ ᠪᠠᠲᠤᠯᠠᠵᠤ᠂ ᠰᠤᠷᠤᠯᠴᠠᠯᠭ᠎ᠠ ᠳᠤ ︽ᠬᠢᠴᠢᠶᠡᠯ ᠠᠴᠠ ᠬᠤᠴᠣᠷᠬᠤ ᠦᠭᠡᠢ︾᠂ ᠣᠨᠣᠯ ᠤᠨ ᠲᠠᠯ᠎ᠠ ᠪᠠᠷ ︽ᠰᠤᠷᠤᠯᠴᠠᠯᠭ᠎ᠠ ᠠᠴᠠ ᠬᠤᠴᠣᠷᠬᠤ ᠦᠭᠡᠢ︾ ᠪᠠᠶᠢᠬᠤ ᠶᠢ ᠪᠠᠲᠤᠯᠠᠵᠤ᠂ ︽ᠣᠨᠴᠠᠭᠠᠶ ᠬᠠᠮᠲᠤᠯᠢᠭ︾ ᠤᠨ ᠵᠡᠷᠭᠡ ᠪᠠᠷ ᠰᠤᠷᠤᠯᠴᠠᠬᠤ ᠶᠢ ᠪᠡᠶᠡᠯᠡᠭᠦᠯᠦᠨ᠎ᠡ︔ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ᠂ ᠬᠥᠬᠡᠬᠤᠲᠠ ᠶᠢᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠢᠯᠢ ᠡᠷᠡᠭᠦᠯ ᠮᠡᠨᠳᠦ ᠶᠢᠨ ᠬᠥᠨᠳᠡᠢ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠢ ᠶᠢᠨ ᠰᠤᠷᠤᠯᠴᠠᠯᠭ᠎ᠠ ᠰᠣᠯᠢᠯᠴᠠᠭᠠᠨ ᠤ ᠠᠵᠢᠯᠯᠠᠭ᠎ᠠ ᠥᠷᠨᠢᠭᠦᠯᠵᠦ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠦᠷ᠎ᠡ ᠪᠦᠲᠦᠮᠵᠢ ᠶᠢ ᠪᠦᠲᠦᠮᠵᠢᠲᠡᠢ ᠥᠷᠭᠡᠳᠬᠡᠵᠦ᠂ ᠪᠦᠬᠦ ᠲᠠᠯ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠬᠥᠮᠦᠵᠢᠯ ᠤᠨ ᠭᠦᠨᠵᠡᠭᠡᠢ ᠠᠭᠤᠯᠤᠭᠳᠠᠬᠤᠨ ᠢ ᠣᠶᠢᠯᠠᠭᠠᠭᠤᠯᠵᠤ᠂ ︽ᠨᠠᠮ ᠤᠨ ᠭᠡᠰᠢᠭᠦᠨ ᠺᠠᠳ᠋ᠷ︾ ᠤᠨ ᠭᠦᠨᠵᠡᠭᠡᠢ ᠰᠤᠷᠤᠯᠴᠠᠬᠤ ᠶᠢ ᠪᠡᠶᠡᠯᠡᠭᠦᠯᠦᠨ᠎ᠡ᠃      ︱ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷᠬᠢ ︽ᠵᠢᠭᠳᠡ ᠠᠯᠬᠤᠮ ᠢᠶᠠᠷ ᠶᠠᠪᠤᠵᠤ︾᠂ ᠤᠬᠠᠭᠤᠯᠭ᠎ᠠ ᠶᠢᠨ ᠠᠭᠤᠷ ᠠᠮᠢᠰᠬᠤᠯ ᠤᠨ ︽ᠥᠳᠬᠡᠨ︾ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ      ᠰᠦᠯᠵᠢᠶᠡᠨ ᠳᠡᠭᠡᠷ᠎ᠡ᠂ ᠲᠤᠭᠳᠠᠬᠤ ᠰᠢᠶᠠᠨ ᠤ  ᠡᠮᠴᠢᠯᠡᠭᠡ ᠶᠢᠨ ᠪᠠᠳᠤᠯᠠᠭ᠎ᠠ` ᠶᠢᠨ ᠲᠣᠪᠴᠢᠶ᠎ᠠ ᠭᠤᠣᠯ ᠰᠡᠳᠦᠪᠲᠦ ᠰᠤᠷᠭᠠᠨ ᠬᠥᠮᠦᠵᠢᠯ ᠤᠨ ᠲᠤᠰᠬᠠᠢ ᠪᠤᠯᠤᠩ ᠭᠠᠷᠭᠠᠵᠤ᠂ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠭᠠᠷᠭᠠᠨ᠂ ᠰᠦᠯᠵᠢᠶᠡᠨ ᠳᠡᠭᠡᠷᠡᠬᠢ ᠲᠠᠪᠴᠠᠩ ᠢ ᠭᠦᠢᠴᠡᠳ ᠠᠰᠢᠭᠯᠠᠨ᠂ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠦᠭᠰᠡᠨ ᠪᠠᠶᠢᠳᠠᠯ ᠪᠠ ᠭᠤᠣᠯ ᠰᠡᠳᠦᠪᠲᠦ ᠰᠤᠷᠭᠠᠨ ᠬᠥᠮᠦᠵᠢᠯ ᠤᠨ ᠵᠠᠪᠠᠯ ᠤᠩᠰᠢᠬᠤ ᠵᠠᠪᠠᠯ ᠰᠤᠷᠬᠤ ᠣᠨᠣᠯ ᠤᠨ ᠰᠤᠷᠤᠯᠴᠠᠯᠭ᠎ᠠ ᠶᠢᠨ ᠪᠣᠷᠣ ᠮᠠᠲ᠋ᠧᠷᠢᠶᠠᠯ ᠢ ᠴᠠᠭ ᠲᠤᠬᠠᠢ ᠳᠤᠨᠢ ᠬᠦᠷᠭᠡᠬᠦ ᠪᠤᠶᠤ ᠳᠠᠮᠵᠢᠭᠤᠯᠤᠨ ᠲᠠᠷᠬᠠᠭᠠᠨ᠎ᠠ︔ ᠰᠦᠯᠵᠢᠶᠡᠨ ᠳᠡᠭᠡᠷ᠎ᠡ᠂ ᠤᠬᠠᠭᠤᠯᠭ᠎ᠠ ᠶᠢᠨ ᠰᠠᠮᠪᠠᠷ᠎ᠠ᠂ ᠵᠠᠷᠯᠠᠯ ᠢ ᠨᠠᠷᠢᠨ ᠨᠢᠮᠪᠠᠢ ᠵᠣᠬᠢᠶᠠᠵᠤ᠂ ᠠᠯᠪᠠᠨ ᠠᠰᠠᠷ᠂ ᠨᠠᠮ ᠤᠨ ᠭᠡᠰᠢᠭᠦᠨ ᠤ ᠠᠵᠢᠯᠯᠠᠭᠠᠨ ᠤ ᠥᠷᠥᠭᠡ᠂ ᠴᠠᠬᠢᠯᠭᠠᠨ ᠱᠠᠲᠤ ᠶᠢᠨ ᠠᠮᠠᠰᠠᠷ ᠵᠡᠷᠭᠡ ᠲᠠᠯᠠᠪᠤᠷ ᠲᠤ ᠭᠤᠣᠯ ᠰᠡᠳᠦᠪᠲᠦ ᠬᠥᠮᠦᠵᠢᠯ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ ᠴᠢᠬᠤᠯᠠ ᠠᠴᠢ ᠬᠤᠯᠪᠣᠭᠳᠠᠯ᠂ ᠦᠨᠳᠦᠰᠦᠨ ᠡᠭᠦᠷᠭᠡ᠂ ᠵᠢᠱᠢᠭᠰᠡᠨ ᠬᠠᠷᠠᠯᠲᠠ ᠵᠡᠷᠭᠡ ᠠᠭᠤᠯᠭ᠎ᠠ ᠶᠢ ᠤᠬᠠᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠵᠡᠷᠭᠡ ᠪᠠᠷ ᠲᠦᠯᠬᠢᠨ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠣᠶᠢᠯᠠᠭᠠᠬᠤ ᠬᠡᠮᠵᠢᠶ᠎ᠡ ᠪᠠ ᠠᠩᠬᠠᠷᠬᠤ ᠬᠡᠮᠵᠢᠶ᠎ᠡ ᠶᠢ ᠲᠤᠶᠢᠯ ᠤᠨ ᠶᠡᠭᠡ ᠪᠠᠷ ᠨᠡᠮᠡᠭᠳᠡᠭᠦᠯᠪᠡ᠃      ︱ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠠᠵᠢᠯ ᠤᠨ ᠪᠠᠶᠢᠷᠢ ᠭᠠᠷᠭᠠᠵᠤ᠂ ᠴᠣᠩᠬᠤᠨ ᠤ ᠦᠢᠯᠡᠴᠢᠯᠡᠭᠡ ᠳᠤ ᠠᠩᠬᠠᠷᠤᠯ ᠢᠶᠠᠨ ᠬᠠᠨᠳᠤᠭᠤᠯᠤᠨ᠎ᠠ        ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠪᠠ ᠦᠢᠯᠡᠴᠢᠯᠡᠭᠡᠨ ᠤ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠬᠤ ᠶᠢ ᠪᠡᠶᠡᠯᠡᠭᠦᠯᠵᠦ᠂ ᠨᠠᠮ ᠤᠨ ᠭᠡᠰᠢᠭᠦᠨ ᠤ ︽ᠪᠡᠶ᠎ᠡ ᠶᠢᠨ ᠭᠠᠷᠤᠯ ᠢᠶᠠᠨ ᠢᠯᠡᠷᠡᠭᠦᠯᠬᠦ᠂ ᠳᠦᠷᠢ ᠲᠥᠷᠬᠦ ᠶᠢ ᠪᠤᠢ ᠪᠣᠯᠭᠠᠬᠤ᠂ ᠦᠯᠢᠭᠡᠷ ᠳᠠᠭᠤᠷᠢᠶᠠᠯ ᠪᠣᠯᠬᠤ︾ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠬᠢᠬᠦ ᠴᠣᠩᠬᠤᠨ ᠳᠤ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠭᠠᠷᠭᠠᠵᠤ᠂ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠤᠨ ᠴᠤᠭᠯᠠᠭᠤᠯᠬᠤ ᠶᠢᠨ ᠬᠠᠮᠲᠤ ᠢᠳᠡᠪᠬᠢᠲᠡᠢ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠪᠠ᠃ ᠦᠢᠯᠡᠴᠢᠯᠡᠭᠡᠨ ᠤ ᠠᠵᠢᠯ ᠢ ᠥᠷᠨᠢᠭᠦᠯᠵᠦ ᠪᠠᠶᠢᠭ᠎ᠠ ᠪᠦᠬᠦ ᠨᠠᠮ ᠤᠨ ᠭᠡᠰᠢᠭᠦᠨ ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠭᠠᠷᠤᠯ ᠢᠶᠠᠨ ᠢᠯᠡᠷᠡᠭᠦᠯᠵᠦ᠂ ᠦᠢᠯᠡᠴᠢᠯᠡᠭᠡ ᠪᠠᠨ ᠴᠢᠩᠭᠠᠳᠬᠠᠵᠤ᠂ ᠬᠤᠰᠢᠭᠤᠴᠢ ᠪᠣᠯᠵᠤ᠂ ᠤᠯᠠᠨ ᠲᠦᠮᠡᠨ ᠳᠤ ᠦᠢᠯᠡᠴᠢᠯᠡᠬᠦ ᠶᠠᠪᠤᠴᠠ ᠳᠤ ᠡᠮᠦᠨ᠎ᠡ ᠨᠢ ᠶᠠᠪᠤᠵᠤ᠂ ᠤᠷᠢᠳᠠᠪᠠᠷ ᠬᠢᠵᠦ᠂ ᠦᠯᠢᠭᠡᠷ ᠳᠠᠭᠤᠷᠢᠶᠠᠯ ᠪᠣᠯᠵᠤ᠂ ᠠᠷᠠᠳ ᠲᠤ ᠲᠦᠬᠦᠮ ᠦᠵᠡᠭᠦᠯᠬᠦ ᠴᠣᠩᠬᠤ ᠶᠢ ᠤᠷᠤᠭᠰᠢ ᠰᠢᠯᠵᠢᠭᠦᠯᠵᠦ᠂ ᠳᠣᠲᠣᠨᠣᠰᠤᠭ ᠢᠶᠠᠷ ᠦᠢᠯᠡᠴᠢᠯᠡᠵᠦ᠂ ᠪᠦᠬᠦ ᠲᠠᠯ᠎ᠠ ᠶᠢᠨ ᠦᠢᠯᠡᠴᠢᠯᠡᠭᠡ ᠪᠠᠷ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠡᠷᠡᠭᠲᠡᠢ᠃      ︱ ᠰᠤᠷᠤᠯᠴᠠᠯᠭ᠎ᠠ ᠪᠠᠷ ᠺᠠᠳ᠋ᠷ ᠢ ᠠᠬᠢᠭᠤᠯᠵᠤ ᠦᠨᠳᠦᠰᠦᠨ ᠱᠠᠲᠤᠨ ᠳᠤ ᠬᠦᠷᠴᠦ ᠦᠷ᠎ᠡ ᠪᠦᠲᠦᠭᠡᠯ ᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ      ᠣᠶᠢᠷ᠎ᠠ ᠳᠤ᠂ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠨᠢ ᠰᠢᠶᠠᠨ ᠤ ᠳᠣᠲᠣᠷᠠᠬᠢ ᠬᠤᠯᠪᠣᠭᠳᠠᠯ ᠪᠦᠬᠦᠢ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠲᠠᠢ ᠬᠠᠮᠲᠤᠷᠠᠨ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ᠂ ᠡᠮᠴᠢᠯᠡᠭᠡ ᠶᠢᠨ ᠪᠠᠳᠤᠯᠠᠭ᠎ᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠦᠢᠯᠡᠳᠦᠯᠭᠡ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠯᠪᠠᠨ ᠵᠢᠷᠤᠮ ᠤᠨ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠵᠡᠷᠭᠡ ᠦᠢᠯᠡᠴᠢᠯᠡᠭᠡ ᠬᠠᠩᠭᠠᠵᠤ᠂ ᠠᠵᠢᠯᠯᠠᠭ᠎ᠠ ᠶᠢᠨ ᠳᠤᠮᠳᠠ᠂ ᠰᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠺᠠᠳ᠋ᠷᠴᠤᠳ ᠲᠤᠬᠠᠢ ᠶᠢᠨ ᠲᠠᠯᠠᠪᠤᠷ ᠲᠤ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ᠂ ︽ᠬᠤᠶᠠᠷ ᠡᠪᠡᠳᠴᠢᠨ︾ ᠤ ᠲᠥᠷᠥ ᠶᠢᠨ ᠪᠣᠳᠣᠯᠭ᠎ᠠ᠂ ᠣᠨᠳᠣᠣ ᠭᠠᠵᠠᠷ ᠲᠤ ᠡᠪᠡᠳᠴᠢᠨ ᠦᠵᠡᠭᠦᠯᠬᠦ ᠵᠡᠷᠭᠡ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ᠂ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠠᠰᠠᠭᠤᠨ ᠯᠠᠪᠯᠠᠵᠤ ᠮᠠᠳᠠᠭ ᠲᠠᠢ ᠠᠰᠠᠭᠤᠳᠠᠯ ᠢ ᠨᠢ ᠬᠠᠷᠢᠭᠤᠯᠵᠠᠢ᠃ ᠡᠭᠦᠨ ᠤ ᠵᠡᠷᠭᠡ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠴᠢᠰᠤᠨ ᠰᠢᠬᠢᠷ᠂ ᠴᠢᠰᠤᠨ ᠳᠠᠷᠤᠯᠲᠠ᠂ ᠪᠠᠯᠴᠢᠷ ᠤᠨ ᠢᠯᠢᠯᠭᠡ ᠶᠢᠨ ᠲᠠᠶᠢᠯᠤᠮᠵᠢ ᠵᠡᠷᠭᠡ ᠶᠢ ᠪᠠᠭᠲᠠᠭᠠᠭᠰᠠᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠡᠭᠦᠨ ᠠᠴᠠ ᠭᠠᠳᠠᠨ᠎ᠠ ᠪᠠᠰᠠ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠪᠡᠶ᠎ᠡ ᠰᠤᠪᠢᠯᠠᠯᠲᠠ ᠶᠢᠨ ᠲᠤᠬᠠᠢ ᠮᠡᠳᠡᠯᠭᠡ ᠶᠢ ᠤᠬᠠᠭᠤᠯᠤᠨ ᠲᠠᠨᠢᠯᠴᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠪᠠᠷ ᠭᠤᠣᠯ ᠰᠡᠳᠦᠪᠲᠦ ᠰᠤᠷᠭᠠᠨ ᠬᠥᠮᠦᠵᠢᠯ ᠤᠨ ᠪᠣᠳᠠᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠷᠠᠳ ᠢᠷᠭᠡᠳ ᠤᠨ ᠭᠡᠷ ᠤᠨ ᠡᠭᠦᠳᠡᠨ ᠳᠤ ᠬᠦᠷᠭᠡᠭᠰᠡᠨ ᠪᠠᠶᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1