︽ᠳᠥᠷᠪᠡᠨ ᠭᠠᠵᠠᠷ ᠨᠢᠭᠡ ᠲᠢᠩᠬᠢᠮ︾ ᠤᠨ ᠬᠠᠮᠲᠤᠷᠠᠨ ᠡᠶᠡᠳᠡᠭᠦᠯᠦᠭᠰᠡᠨ ᠵᠢᠭᠤᠷᠠᠯᠳᠤᠭᠠᠨ ᠨᠢ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠠᠷᠰᠢ ᠰᠠᠭᠠᠳ ᠦᠭᠡᠢ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/11/21
      ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ︽ᠬᠠᠤᠯᠢ ᠴᠠᠭᠠᠵᠠ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠠᠷᠠᠳ ᠤᠨ ᠰᠢᠭᠦᠬᠦ ᠲᠢᠩᠬᠢᠮ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠲᠤᠬᠠᠢ︾ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠠᠨ ᠱᠠᠨ ᠶᠢᠩ ᠲᠣᠮᠢᠯᠠᠭᠰᠠᠨ ᠰᠠᠯᠪᠤᠷᠢ ︽ᠲᠦᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠪᠠᠶᠢᠳᠠᠯ  ᠳᠤᠨᠢ ᠰᠢᠢᠳᠪᠦᠷᠢᠯᠡᠪᠡ᠃ ᠣᠶᠢᠷ᠎ᠠ ᠳᠤ᠂ ᠶᠠᠨ ᠱᠠᠨ ᠶᠢᠩ ᠲᠣᠮᠢᠯᠠᠭᠰᠠᠨ ᠰᠠᠯᠪᠤᠷᠢ ︽ᠳᠥᠷᠪᠡᠨ ᠭᠠᠵᠠᠷ ᠨᠢᠭᠡ ᠲᠢᠩᠬᠢᠮ︾ ᠤᠨ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠰᠢᠢᠳᠪᠦᠷᠢᠯᠡᠬᠦ ᠲᠣᠭᠲᠠᠴᠠ ᠶᠢ ᠭᠦᠢᠴᠡᠳ ᠪᠠᠳᠠᠷᠠᠭᠤᠯᠵᠤ᠂ ᠵᠠᠮ ᠬᠠᠷᠢᠯᠴᠠᠭᠠᠨ ᠤ ᠠᠳᠡᠯ ᠠᠴᠠ ᠪᠣᠯᠤᠭᠰᠠᠨ ᠢᠷᠭᠡᠨ ᠤ ᠬᠡᠷᠡᠭ ᠤᠨ ᠠᠵᠤ ᠠᠬᠤᠢ ᠶᠢᠨ ᠵᠢᠭᠤᠷᠠᠯᠳᠤᠭᠠᠨ ᠢ ᠠᠮᠵᠢᠯᠲᠠᠲᠠᠢ ᠰᠢᠢᠳᠪᠦᠷᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃      2020 ᠣᠨ ᠤ 10 ᠳ᠋ᠤᠭᠠᠷ ᠰᠠᠷ᠎ᠠ ᠶᠢᠨ 30 ᠤ ᠡᠳᠦᠷ᠂ ᠶᠠᠨ ᠱᠠᠨ ᠶᠢᠩ ᠲᠣᠮᠢᠯᠠᠭᠰᠠᠨ ᠰᠠᠯᠪᠤᠷᠢ ᠶᠢᠨ ᠬᠠᠷᠢᠶᠠᠲᠤ ᠣᠷᠣᠨ ᠤ ᠨᠢᠭᠡᠨ ᠠᠵᠤ ᠠᠬᠤᠶᠢᠯᠠᠯ ᠤᠨ ᠬᠥᠯᠥᠰᠦᠯᠡᠭᠰᠡᠨ ᠠᠵᠢᠯ ᠳᠤ ᠭᠠᠷᠬᠤ ᠲᠡᠷᠭᠡ ᠨᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠠᠶᠢᠭ᠎ᠠ ᠨᠢᠭᠡ ᠰᠣᠷᠣᠭᠴᠢ ᠲᠠᠢ ᠮᠥᠷᠭᠦᠯᠳᠦᠵᠦ᠂ ᠰᠣᠷᠣᠭᠴᠢ ᠶᠢᠨ ᠨᠢᠭᠤᠷ ᠤᠨ ᠬᠡᠰᠡᠭ ᠢ ᠰᠢᠷᠬᠠᠲᠤᠭᠤᠯᠵᠠᠢ᠂ ᠰᠡᠭᠦᠯᠡᠷ ᠨᠢ ᠵᠠᠮ ᠬᠠᠷᠢᠯᠴᠠᠭᠠᠨ ᠤ ᠴᠠᠭᠳᠠᠭ᠎ᠠ ᠶᠢᠨ ᠨᠤᠲᠠᠯᠠᠭᠰᠠᠨ ᠢᠶᠠᠷ᠂ ᠠᠵᠤ ᠠᠬᠤᠶᠢᠯᠠᠯ ᠤᠨ ᠬᠥᠯᠥᠰᠦᠯᠡᠭᠰᠡᠨ ᠠᠵᠢᠯ ᠳᠤ ᠭᠠᠷᠬᠤ ᠲᠡᠷᠭᠡ ᠬᠦᠨᠳᠦ ᠨᠣᠴᠢᠲᠠᠢ ᠣᠰᠣᠯ ᠭᠠᠷᠭᠠᠵᠤ᠂ ᠠᠳᠡᠯ ᠤᠨ ᠪᠥᠬᠦ ᠬᠠᠷᠢᠭᠤᠴᠠᠯᠭ᠎ᠠ ᠶᠢ ᠡᠭᠦᠷᠭᠡᠯᠡᠵᠡᠢ᠃      ᠬᠤᠶᠠᠷ ᠲᠠᠯ᠎ᠠ ᠪᠠᠷ ᠢᠶᠠᠨ ᠤᠯᠠᠨ ᠤᠳᠠᠭ᠎ᠠ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠠᠴᠠ ᠪᠣᠯᠵᠤ ᠂ ᠭᠡᠷ ᠪᠦᠯᠢ ᠶᠢᠨ ᠬᠢᠨ ᠤ ᠠᠵᠤ ᠠᠬᠤᠶᠢᠯᠠᠯ ᠠᠴᠠ ᠲᠥᠯᠥᠪᠦᠷᠢ ᠠᠪᠬᠤ ᠪᠠᠷ ᠱᠠᠭᠠᠷᠳᠠᠭᠰᠠᠨ ᠠᠵᠢᠯᠯᠠᠭ᠎ᠠ ᠨᠢ ᠤᠯᠠᠮ ᠠᠴᠠ ᠤᠯᠠᠮ ᠰᠢᠷᠦᠭᠦᠰᠴᠦ᠂ ᠠᠵᠤ ᠠᠬᠤᠶᠢᠯᠠᠯ ᠤᠨ ᠬᠡᠪ ᠤᠨ ᠡᠵᠡᠩᠨᠡᠯᠲᠡ ᠶᠢ ᠨᠥᠯᠥᠭᠡᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠣᠷᠣᠭᠰᠢᠯᠠᠭᠤᠯᠪᠠ᠃ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠠᠰᠠ ᠣᠯᠠᠨ ᠤᠳᠠᠭ᠎ᠠ ᠢᠳᠬᠠᠨ ᠬᠤᠷᠢᠭᠯᠠᠵᠤ ᠵᠣᠬᠢᠴᠠᠭᠤᠯᠤᠭᠰᠠᠨ ᠪᠣᠯᠪᠠᠴᠤ ᠵᠢᠭᠤᠷᠠᠯᠳᠤᠭᠠᠨ ᠢ ᠰᠢᠢᠳᠪᠦᠷᠢᠯᠡᠵᠦ ᠴᠢᠳᠠᠭᠰᠠᠨ ᠦᠭᠡᠢ᠃      ᠡᠨᠡᠬᠦ ᠵᠢᠭᠤᠷᠠᠯᠳᠤᠭᠠᠨ ᠢ ᠦᠨᠳᠦᠰᠦᠨ ᠠᠴᠠ ᠨᠢ ᠪᠦᠲᠦᠮᠵᠢᠲᠡᠢ ᠰᠢᠢᠳᠪᠦᠷᠢᠯᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠶᠠᠨ ᠱᠠᠨ ᠶᠢᠩ ᠲᠣᠮᠢᠯᠠᠭᠰᠠᠨ ᠰᠠᠯᠪᠤᠷᠢ ᠬᠠᠤᠯᠢ ᠴᠠᠭᠠᠵᠠ ᠶᠢᠨ ᠭᠠᠵᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢᠨ ᠳᠠᠪᠠᠭᠤᠯᠢᠭ ᠢ ᠠᠰᠢᠭᠯᠠᠨ ᠪᠠᠳᠠᠷᠠᠭᠤᠯᠵᠤ᠂ ᠡᠯ᠎ᠡ ᠬᠤᠯᠪᠤᠭᠠᠯᠠᠨ ᠰᠢᠯᠵᠢᠭᠦᠯᠬᠦ ᠪᠠᠶᠢᠭᠤᠯᠤᠮᠵᠢ ᠶᠢᠨ ᠲᠥᠯᠥᠭᠡᠯᠡᠭᠴᠢ ᠪᠣᠯᠣᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠤ ᠲᠥᠯᠥᠭᠡᠯᠡᠭᠴᠢ ᠶᠢ ᠲᠣᠮᠢᠯᠠᠭᠰᠠᠨ ᠰᠠᠯᠪᠤᠷᠢ ᠶᠢᠨ ᠵᠥᠷᠢᠴᠡᠯ ᠵᠠᠭᠤᠷᠠᠯᠳᠤᠭᠠᠨ ᠤ ᠲᠠᠰᠤᠭ ᠲᠤ ᠤᠷᠢᠵᠤ ᠵᠣᠬᠢᠴᠠᠭᠤᠯᠤᠨ ᠰᠢᠢᠳᠪᠦᠷᠢᠯᠡᠪᠡ᠃ ᠬᠤᠯᠪᠤᠭᠠᠯᠠᠨ ᠰᠢᠯᠵᠢᠭᠦᠯᠬᠦ ᠠᠵᠢᠯᠲᠠᠳ ᠢᠶᠠᠷ ᠳᠠᠮᠵᠢᠭᠤᠯᠤᠨ ᠬᠡᠷᠡᠭ ᠲᠤ ᠬᠤᠯᠪᠣᠭᠳᠠᠭᠰᠠᠨ ᠬᠤᠶᠠᠷ ᠲᠠᠯ᠎ᠠ ᠶᠢᠨ ᠬᠢᠨ ᠲᠠᠢ ᠤᠯᠠᠨ ᠤᠳᠠᠭ᠎ᠠ ᠬᠠᠯᠠᠰᠢᠷᠠᠯ ᠦᠭᠡᠢ ᠪᠠᠷ ᠨᠡᠪᠲᠡᠷᠡᠯᠴᠡᠨ ᠵᠣᠬᠢᠴᠠᠭᠤᠯᠵᠤ᠂ ᠭᠤᠷᠪᠠ ᠤᠳᠠᠭᠠᠨ ᠤ ᠶᠡᠭᠡ ᠵᠥᠪᠳᠡᠯᠴᠡᠭᠡ ᠪᠠᠷ ᠳᠠᠮᠵᠢᠭᠠᠳ ᠡᠴᠦᠰ ᠲᠡᠭᠡᠨ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠰᠠᠨᠠᠯ ᠨᠢᠭᠡᠳᠴᠦ᠂ ᠵᠢᠭᠤᠷᠠᠯᠳᠤᠭᠠᠨ ᠢ ᠠᠮᠵᠢᠯᠲᠠ ᠲᠠᠢ ᠪᠠᠷ ᠰᠢᠢᠳᠪᠦᠷᠢᠯᠡᠪᠡ᠃       ᠲᠣᠰ ᠤᠳᠠᠭᠠᠨ ᠤ ᠵᠢᠭᠤᠷᠠᠯᠳᠤᠭᠠᠨ ᠢ ᠡᠶᠡᠳᠡᠭᠦᠯᠦᠭᠰᠡᠨ ᠨᠢ ᠬᠠᠷᠢᠶ᠎ᠠ ᠣᠷᠣᠨ ᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠦᠲᠦᠮᠵᠢᠲᠡᠶ ᠪᠠᠲᠤᠯᠠᠭᠰᠠᠨ ᠢᠶᠠᠷ ᠪᠠᠷᠠᠬᠤ ᠦᠭᠡᠢ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠠ ᠬᠦᠰᠡᠯ ᠱᠠᠭᠠᠷᠳᠠᠯᠭ᠎ᠠ ᠶᠢ ᠬᠠᠮᠠᠭᠠᠯᠠᠵᠤ᠂ ᠣᠯᠠᠨ ᠲᠦᠮᠡᠨ ᠤ ᠬᠠᠤᠯᠢ ᠪᠠᠷᠢᠬᠤ ᠠᠵᠢᠯ ᠳᠠᠬᠢ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠲᠤᠶᠢᠯ ᠤᠨ ᠶᠡᠭᠡ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠶᠠᠨ ᠱᠠᠨ ᠶᠢᠩ ᠲᠣᠮᠢᠯᠠᠭᠰᠠᠨ ᠰᠠᠯᠪᠤᠷᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠹᠧᠩᠴᠢᠶᠤᠤ ᠲᠣᠮᠢᠯᠠᠭᠰᠠᠨ ᠰᠠᠯᠪᠤᠷᠢ︾ ᠶᠢᠨ ᠬᠡᠪ ᠳᠠᠭᠤᠷᠢᠶᠠᠯ ᠢᠶᠠᠷ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠳᠥᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠥᠷᠭᠡᠨ ᠳᠡᠯᠭᠡᠷ ᠤᠬᠠᠭᠤᠯᠭ᠎ᠠ ᠶᠢ ᠥᠷᠨᠢᠭᠦᠯᠦᠨ᠂ ᠠᠷᠠᠳ ᠣᠯᠠᠨ ᠤ ︽ᠳᠥᠷᠪᠡᠨ ᠭᠠᠵᠠᠷ ᠨᠢᠭᠡ ᠲᠢᠩᠬᠢᠮ︾ ᠤᠨ ᠬᠤᠯᠪᠤᠭᠠᠯᠠᠨ ᠬᠥᠳᠡᠯᠦᠯᠴᠡᠬᠦ ᠠᠵᠢᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠮᠠᠨ ᠤ ᠰᠢᠶᠠᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1