ᠲᠣᠭᠲᠠᠬᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠲᠣᠨᠤᠭ ᠲᠥᠬᠦᠭᠡᠷᠦᠮᠵᠢ ᠲᠠᠷᠬᠠᠭᠠᠵᠤ ᠪᠠᠲᠤᠯᠠᠭ᠎ᠠ ᠶᠢ ᠠᠬᠢᠭᠤᠯᠵᠦ  ᠨᠢᠭᠡᠳᠦᠭᠡᠷ ᠹᠷᠣᠨᠲ ᠲᠤ ᠦᠢᠯᠡᠴᠢᠯᠡᠵᠦ ᠠᠮᠤᠷ ᠲᠦᠪᠰᠢᠨ ᠢ ᠪᠠᠲᠤᠯᠠᠨ᠎ᠠ
ᠨᠡᠶᠢᠲᠡᠯᠡᠭᠰᠡᠨ ᠴᠠᠭ᠄
2023/11/22
      ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠬᠤ ᠶᠢᠨ ᠲᠥᠯᠥᠭᠡ᠂ 11 ᠳ᠋ᠤᠭᠡᠷ ᠰᠠᠷ᠎ᠠ ᠶᠢᠨ 20 ᠤ ᠡᠳᠦᠷ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠠᠮᠠᠭᠠᠯᠠᠯᠲᠠ ᠶᠢᠨ ᠬᠤᠪᠴᠠᠰᠤ᠂ ᠳᠤᠭᠤᠯᠠᠭ᠎ᠠ᠂ ᠪᠡᠭᠡᠯᠡᠢ᠂ ᠬᠠᠮᠠᠭᠠᠯᠠᠯᠲᠠ ᠶᠢᠨ ᠭᠤᠳᠤᠯ᠂ ᠠᠪᠤᠷᠠᠯᠲᠠ ᠶᠢᠨ ᠪᠠᠭᠠᠵᠢ ᠂ ᠭᠡᠷᠡᠯᠲᠦᠭᠦᠯᠭᠡ ᠶᠢᠨ ᠳ᠋ᠧᠩ ᠵᠡᠷᠭᠡ ᠶᠢ ᠪᠠᠭᠲᠠᠭᠠᠭᠰᠠᠨ 20 ᠭᠠᠷᠤᠢ ᠲᠦᠮᠡᠨ ᠲᠥᠭᠦᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠨᠣᠭᠯᠠᠯ ᠬᠠᠨᠳᠢᠪᠯᠡᠪᠠ᠃
      ᠰᠢᠶᠠᠨ ᠤ ᠭᠠᠯ ᠤᠨᠲᠠᠷᠭᠠᠵᠤ ᠠᠪᠤᠷᠠᠨ ᠲᠤᠰᠠᠯᠠᠬᠤ ᠶᠡᠭᠡ ᠠᠩᠭᠢ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠠᠩᠭᠢ ᠪᠣᠯᠤᠭᠰᠠᠨ ᠤ ᠬᠤᠪᠢ ᠳᠤ ᠣᠯᠠᠨ ᠲᠦᠮᠡᠨ ᠳᠤ ᠦᠢᠯᠡᠴᠢᠯᠡᠬᠦ᠂ ᠡᠷᠢᠵᠦ ᠠᠪᠤᠷᠠᠬᠤ ᠵᠡᠷᠭᠡ ᠠᠵᠢᠯ ᠤᠨ ᠳᠤᠮᠳᠠ ᠴᠢᠬᠤᠯᠠ ᠦᠢᠯᠡᠳᠦᠯ ᠭᠠᠷᠭᠠᠵᠤ᠂ ᠣᠯᠠᠨ ᠵᠦᠢᠯ ᠤᠨ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠡᠭᠦᠷᠭᠡᠯᠡᠭᠰᠡᠨ ᠪᠠᠶᠢᠨ᠎ᠠ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠯᠲᠠ ᠶᠢᠨ ᠬᠠᠮᠵᠢᠯᠴᠠᠨ ᠬᠥᠳᠡᠯᠦᠯᠴᠡᠬᠦ ᠲᠣᠭᠲᠠᠴᠠ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠪᠠᠰᠤᠷᠠᠯ ᠵᠡᠷᠭᠡ ᠲᠠᠯ᠎ᠠ ᠶᠢᠨ ᠠᠭᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠤᠶᠠᠷ ᠲᠠᠯ᠎ᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠨ ᠬᠥᠳᠡᠯᠦᠯᠴᠡᠬᠦ᠂ ᠨᠡᠶᠢᠭᠡᠮ ᠳᠤ ᠦᠢᠯᠡᠴᠢᠯᠡᠬᠦ ᠶᠢ ᠪᠡᠶᠡᠯᠡᠭᠦᠯᠵᠦ᠂ ᠮᠠᠨ ᠤ ᠰᠢᠶᠠᠨ ᠤ ᠬᠥᠭᠵᠢᠯᠲᠡ ᠳᠤ ᠪᠠᠴᠢᠮ ᠪᠠᠶᠢᠳᠠᠯ ᠢ ᠠᠷᠭᠠᠴᠠᠬᠤ ᠬᠦᠴᠦᠨ ᠴᠢᠳᠠᠯ ᠢᠶᠠᠨ ᠨᠡᠮᠡᠷᠢᠯᠡᠪᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1