2024 ᠣᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠦᠷᠦᠯ ᠵᠦᠢᠯ ᠡᠯᠰᠡᠬᠦ ᠲᠤᠬᠠᠢ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/11/22
      ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠰᠢᠢᠳᠪᠦᠷᠢᠲᠦ ᠪᠣᠳᠣᠯᠭ᠎ᠠ ᠶᠢᠨ ᠠᠵᠢᠯ ᠤᠨ ᠠᠷᠠᠳᠴᠢᠯᠠᠯᠲᠠ ᠪᠠ ᠰᠢᠨᠵᠢᠯᠡᠬᠦ ᠤᠬᠠᠭᠠᠨᠴᠢᠯᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠪᠣᠳᠠᠲᠤ ᠶᠠᠪᠤᠳᠠᠯ ᠤᠨ ᠢᠨᠵᠧᠨᠧᠷᠢᠩ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠨ᠂ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ︽ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠡᠯᠰᠡᠬᠦ ᠲᠤᠬᠠᠢ ᠲᠦᠷ ᠬᠡᠷᠡᠭᠵᠢᠭᠦᠯᠬᠦ ᠠᠷᠭ᠎ᠠ︾ ︵ᠲᠣᠭᠲᠠᠬᠤ ᠵᠠᠰᠠᠭ ᠲᠠᠷᠬᠠᠭᠠᠭᠰᠠᠨ ﹇2019﹈ 56 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠪᠢᠯᠧᠲ ᠥᠭᠬᠦ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠡᠳᠦᠭᠡ ᠨᠡᠶᠢᠭᠡᠮ ᠤᠨ ᠡᠯ᠎ᠡ ᠡᠲᠡᠭᠡᠳ ᠠᠴᠠ 2024 ᠣᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠢ ᠢᠯᠡ ᠪᠠᠷ ᠡᠯᠰᠡᠨ᠎ᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂  ᠡᠯᠰᠡᠬᠦ ᠡᠳᠦᠷ ᠬᠤᠭᠤᠴᠠᠭ᠎ᠠ      ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ 2023 ᠣᠨ ᠤ 12 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨᠠᠬᠢ 17 ᠴᠠᠭ ᠪᠣᠯᠲᠠᠯ᠎ᠠ᠃      ᠬᠤᠶᠠᠷ᠂ ᠡᠯᠰᠡᠬᠦ ᠠᠷᠭ᠎ᠠ      ᠨᠢᠭᠡ ᠳᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠭᠤᠯᠭ᠎ᠠ ᠶᠢ ᠬᠤᠷᠢᠶᠠᠨ᠎ᠠ︔        ᠬᠤᠶᠠᠷ ᠲᠤ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠢ  ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠰᠠᠨᠠᠭᠤᠯᠭ᠎ᠠ ︵ᠡᠯ᠎ᠡ ᠰᠢᠶᠠᠩ ᠪᠠᠯᠭᠠᠰᠤ ᠲᠣᠰ ᠬᠠᠷᠢᠶ᠎ᠠ ᠣᠷᠣᠨ ᠤ ᠪᠠᠨ ᠰᠢᠶᠠᠨ ᠤ ᠱᠠᠲᠤ ᠵᠢᠴᠢ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠠᠮᠲᠤ ᠪᠠᠷ ᠶᠠᠷᠢᠯᠴᠠᠭᠠᠳ ᠴᠤᠭᠯᠠᠭᠤᠯᠤᠭᠰᠠᠨ ᠰᠠᠨᠠᠭᠤᠯᠭ᠎ᠠ ᠶᠢᠨ ᠲᠥᠷᠥᠯ ᠵᠦᠢᠯ ᠢ ᠶᠠᠷᠢᠯᠴᠠᠵᠤ ᠪᠠᠲᠤᠯᠠᠭᠰᠠᠨ ᠤ ᠳᠠᠷᠠᠭ᠎ᠠ ᠨᠢᠭᠡᠳᠦᠯᠲᠡᠢ ᠳᠡᠭᠡᠭᠰᠢ ᠮᠡᠳᠡᠭᠦᠯᠦᠨ᠎ᠡ︶  ᠶᠢ  ᠡᠯᠰᠡᠨ᠎ᠡ᠃      ᠭᠤᠷᠪᠠ᠂ ᠡᠯᠰᠡᠬᠦ ᠠᠭᠤᠯᠭ᠎ᠠ ᠬᠢᠭᠡᠳ ᠬᠡᠪᠴᠢᠶ᠎ᠡ      ᠠᠷᠠᠳ ᠲᠦᠮᠡᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠢ ᠨᠡᠩ ᠰᠢᠯᠢᠳᠡᠭᠴᠢᠯᠡᠨ ᠳᠡᠭᠡᠭᠰᠢᠯᠡᠭᠦᠯᠬᠦ ᠲᠡᠮᠡᠴᠡᠯ ᠤᠨ ᠬᠠᠷᠠᠯᠲᠠ ᠶᠣᠰᠣᠭᠠᠷ᠂ ᠥᠷᠭᠡᠨ ᠤᠯᠠᠨ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠵᠢᠮᠤᠷ ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠨ᠂ ︽ᠠᠷᠠᠳ ᠲᠤ ᠲᠦᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ︾ ᠵᠠᠷᠴᠢᠮ ᠤᠨ ᠶᠣᠰᠣᠭᠠᠷ᠂ ᠤᠯᠠᠨ ᠲᠦᠮᠡᠨ ᠤ ᠠᠮᠢᠳᠤᠷᠠᠯ᠂ ᠦᠢᠯᠡᠳᠪᠦᠷᠢᠯᠡᠯ ᠲᠠᠢ ᠨᠢᠭᠲᠠ ᠬᠤᠯᠪᠣᠭ᠎ᠠ ᠲᠠᠢ ᠨᠢᠭᠡ ᠪᠦᠯᠦᠭ ᠵᠦᠢᠯᠡᠰ ᠢ ᠲᠣᠬᠢᠷᠠᠭᠤᠯᠬᠤ ᠪᠠᠷ ᠴᠢᠷᠮᠠᠶᠢᠨ᠎ᠠ᠃ ᠡᠭᠦᠨ ᠳᠤ ᠭᠤᠣᠯᠳᠠᠭᠤ᠄ ᠠᠵᠢᠯ ᠣᠯᠭᠤᠯᠲᠠ ᠶᠢᠨ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠦᠢᠯᠡᠰ᠂ ᠡᠷᠡᠭᠦᠯ ᠬᠠᠮᠠᠭᠠᠯᠠᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠣᠷᠴᠢᠨ ᠠᠬᠤᠢ ᠶᠢ ᠴᠡᠭᠴᠡᠯᠡᠨ ᠵᠠᠰᠠᠬᠤ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ᠂ ᠬᠤᠳᠠ ᠶᠢᠨ ᠬᠠᠮᠢᠶᠠᠷᠤᠯᠲᠠ᠂ ᠶᠠᠳᠠᠭᠤ ᠶᠢ ᠲᠡᠳᠬᠦᠵᠦ ᠵᠦᠳᠡᠭᠦᠦ ᠶᠢ ᠲᠤᠰᠠᠯᠠᠬᠤ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠭᠲᠠᠨ᠎ᠠ᠃      ᠳᠥᠷᠪᠡ᠂ ᠡᠯᠰᠡᠬᠦ ᠱᠠᠭᠠᠷᠳᠠᠯᠭ᠎ᠠ      ︵ᠨᠢᠭᠡ︶ ᠲᠥᠷᠥᠯ ᠵᠦᠢᠯ ᠤᠨ ᠰᠠᠨᠠᠭᠤᠯᠭ᠎ᠠ ᠶᠢᠨ ᠲᠠᠯ᠎ᠠ ᠪᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠷᠢᠳᠦᠭᠦᠯᠵᠦ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠰᠠᠨᠠᠭᠤᠯᠭ᠎ᠠ ᠶᠢ ᠡᠳ᠋ ᠤᠨ ᠵᠠᠰᠠᠭ ᠤᠨ ᠲᠥᠰᠥᠪ ᠢ ᠦᠨᠳᠦᠰᠦᠯᠡᠨ ᠲᠣᠬᠢᠷᠠᠭᠤᠯᠵᠤ᠂ ᠡᠩ ᠤᠨ ᠪᠠᠶᠢᠳᠠᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠬᠤᠢ ᠪᠠᠶᠢᠳᠠᠯ᠂ ᠲᠥᠷᠥᠯ ᠵᠦᠢᠯ ᠤᠨ ᠠᠭᠤᠯᠭ᠎ᠠ᠂ ᠬᠡᠷᠡᠭᠵᠢᠭᠦᠯᠬᠦ ᠭᠤᠣᠯ ᠴᠣᠭᠴᠠ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠡᠯᠡ ᠮᠥᠩᠭᠦ ᠶᠢᠨ ᠢᠷᠡᠯᠲᠡ᠂ ᠪᠣᠯᠣᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠢ ᠠᠭᠤᠯᠭ᠎ᠠ ᠶᠢ ᠪᠠᠭᠲᠠᠭᠠᠵᠤ᠂ ᠣᠨᠴᠣᠭᠤᠢ ᠪᠠᠶᠢᠳᠠᠯ ᠳᠤ ᠴᠤ ᠳᠥᠭᠦᠮᠴᠢᠯᠡᠨ ᠰᠢᠢᠳᠪᠦᠷᠢᠯᠡᠵᠦ ᠪᠣᠯᠣᠨ᠎ᠠ᠃      ︵ᠬᠤᠶᠠᠷ︶ ᠲᠥᠷᠥᠯ ᠵᠦᠢᠯ ᠤᠨ ᠪᠠᠶᠢᠷᠢᠰᠢᠭᠤᠯᠤᠯ ᠤᠨ ᠲᠠᠯ᠎ᠠ ᠪᠠᠷ᠂ ᠲᠥᠯᠥᠭᠡᠯᠡᠬᠦ ᠴᠢᠨᠠᠷ᠂ ᠪᠥᠬᠦ ᠲᠠᠯ᠎ᠠ ᠶᠢᠨ ᠴᠢᠨᠠᠷ᠂ ᠵᠢᠴᠢ ᠬᠠᠮᠤᠷᠬᠤ ᠬᠡᠪᠴᠢᠶ᠎ᠡ ᠪᠠ ᠠᠰᠢᠭ ᠬᠥᠷᠳᠡᠬᠦ ᠬᠡᠪᠴᠢᠶ᠎ᠡ ᠪᠠᠷ ᠥᠷᠭᠡᠨ ᠪᠠᠶᠢᠬᠤ ᠣᠨᠴᠠᠯᠢᠭ᢭ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃      ︵ᠭᠤᠷᠪᠠ︶ ᠪᠡᠯᠡ ᠮᠥᠩᠭᠦ ᠶᠢ ᠲᠣᠬᠢᠷᠠᠭᠤᠯᠬᠤ ᠲᠠᠯ᠎ᠠ ᠪᠠᠷ ᠪᠣᠯᠣᠮᠵᠢᠲᠤ ᠴᠢᠨᠠᠷ ᠲᠠᠢ ᠪᠠᠶᠢᠬᠤ ᠬᠡᠷᠡᠭᠲᠡᠢ᠂ ᠮᠠᠨ ᠤ ᠰᠢᠶᠠᠨ ᠤ ᠪᠠᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠵᠣᠭᠤᠰ ᠮᠥᠩᠭᠦ ᠪᠠᠨ ᠲᠥᠪᠯᠡᠷᠡᠭᠦᠯᠦᠨ ᠰᠠᠶᠢᠨ ᠶᠠᠪᠤᠳᠠᠯ᠂ ᠪᠣᠳᠠᠲᠠᠢ ᠶᠠᠪᠤᠳᠠᠯ ᠢ ᠬᠢᠬᠦ ᠬᠡᠷᠡᠭᠲᠡᠢ᠃      ︵ᠳᠥᠷᠪᠡ︶ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ᠂ ᠡᠵᠡᠮᠳᠡᠵᠦ ᠪᠣᠯᠬᠤ ᠴᠢᠨᠠᠷ ᠢ ᠪᠦᠷᠢᠳᠦᠭᠦᠯᠵᠦ᠂ ᠡᠩ ᠤᠨ ᠪᠠᠶᠢᠳᠠᠯ ᠳᠤ ᠲᠤᠬᠠᠢ ᠶᠢᠨ ᠵᠢᠯ ᠳᠤ ᠪᠡᠶᠡᠯᠡᠭᠦᠯᠬᠦ ᠪᠤᠶᠤ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠬᠤ ᠬᠡᠷᠡᠭᠲᠡᠢ᠃      ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠬᠡᠯᠪᠡᠷᠢ      ︵ᠨᠢᠭᠡ︶ ︽2024 ᠣᠨ ᠤ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠶᠢᠨ ᠲᠥᠷᠥᠯ ᠵᠦᠢᠯ ᠢ ᠡᠯᠰᠡᠬᠦ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠲᠠᠭᠯᠠᠨ ᠮᠡᠳᠡᠭᠦᠯᠵᠦ᠂ ᠬᠦᠰᠦᠨᠦᠭᠲᠦ ᠳᠤ ᠳᠠᠭᠠᠯᠳᠤᠭᠤᠯᠤᠨ ᠪᠣᠯᠣᠮᠵᠢᠲᠤ ᠵᠠᠳᠠᠯᠤᠯᠲᠠ ᠶᠢᠨ ᠮᠠᠲ᠋ᠧᠷᠢᠶᠠᠯ ᠢ ᠳᠠᠭᠠᠯᠳᠤᠭᠤᠯᠤᠨ᠎ᠠ᠃      ︵ᠬᠤᠶᠠᠷ︶ ᠪᠢᠴᠢᠭ ᠤᠨ ᠬᠡᠯᠪᠡᠷᠢ᠂ ᠵᠠᠬᠢᠳᠠᠯ᠂ ᠡᠯᠧᠺᠲᠷᠣᠨ ᠰᠢᠤᠳᠠᠨ ᠤ ᠵᠦᠢᠯ ᠵᠡᠷᠭᠡ ᠬᠡᠯᠪᠡᠷᠢ ᠪᠠᠷ ᠰᠢᠶᠠᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠠᠨᠠᠯ ᠪᠠ ᠰᠠᠨᠠᠭᠤᠯᠭ᠎ᠠ ᠳᠤᠷᠠᠳᠤᠨ᠎ᠠ᠃ ᠵᠠᠬᠢᠳᠠᠯ ᠢ ᠲᠣᠭᠲᠠᠬᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠬᠦᠷᠭᠡᠨ᠎ᠡ᠃ ᠬᠠᠷᠢᠯᠴᠠᠬᠤ ᠬᠥᠮᠥᠨ᠄ ᠪᠦᠦ ᠮᠠᠨᠳᠠ ᠬᠠᠷᠢᠯᠴᠠᠬᠤ ᠤᠲᠠᠰᠤ᠄ 15847111661︔ ᠹᠠᠺᠰ᠄ 0471-8513501︔ ᠢᠮᠧᠯ᠄ txfzj@163.com                 ᠡᠭᠦᠨ ᠤ ᠲᠤᠯᠠ ᠣᠨᠴᠠᠭᠠᠶᠢᠯᠠᠨ ᠵᠠᠷᠯᠠᠪᠠ᠃      ᠳᠠᠭᠠᠯᠳᠤᠭᠤᠯᠤᠯ᠄ 2024 ᠣᠨ ᠤ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠪᠣᠳᠠᠲᠤ ᠶᠠᠪᠤᠳᠠᠯ ᠤᠨ ᠢᠨᠵᠧᠨᠧᠷᠢᠩ ᠤᠨ ᠰᠠᠨᠠᠭᠤᠯᠭ᠎ᠠ ᠵᠢᠨ‌‍ᠲ᠋ᠦ᠋ᠷᠦᠯ ᠵᠦᠢᠯ ᠡᠯᠰᠡᠬᠦ ᠬᠦᠰᠦᠨᠦᠭᠲᠦ                 ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ                    2023 ᠣᠨ ᠤ 11 ᠳ᠋ᠤᠭᠡᠷ ᠰᠠᠷ᠎ᠠ ᠶᠢᠨ 21 ᠤ ᠡᠳᠦᠷ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1