ᠰᠤᠷᠤᠯᠴᠠᠯᠭ᠎ᠠ ᠪᠠᠷ ᠠᠬᠢᠭᠤᠯᠵᠤ ᠬᠠᠷᠢᠭᠤᠴᠠᠯᠭ᠎ᠠ ᠶᠢ ᠡᠭᠦᠷᠭᠡᠯᠡᠬᠦ ︱ ᠲᠣᠭᠲᠠᠬᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2023/11/23
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠤᠣᠯ ᠰᠡᠳᠦᠪᠲᠦ ᠬᠥᠮᠦᠵᠢᠯ ᠳᠤ ᠲᠦᠰᠢᠭᠯᠡᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠠᠷᠠᠯᠲᠠ ᠪᠠᠨ ᠲᠣᠭᠲᠠᠭᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ᠂ ᠰᠢᠨ᠎ᠡ ᠦᠷ᠎ᠡ ᠪᠦᠲᠦᠮᠵᠢ ᠶᠢ ᠮᠡᠳᠡᠷᠡᠭᠦᠯᠪᠡ
     ᠣᠶᠢᠷ᠎ᠠ ᠶᠢᠨ ᠬᠤᠭᠤᠴᠠᠭᠠᠨ ᠳᠤ᠂ ᠲᠣᠭᠲᠠᠬᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠠᠵᠢᠯᠲᠠᠳ ᠭᠤᠣᠯ ᠰᠡᠳᠦᠪᠲᠦ ᠰᠤᠷᠭᠠᠨ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠪᠠ ᠥᠪᠡᠷ ᠤᠨ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢ ᠠᠰᠢᠭᠯᠠᠨ᠂ ᠬᠠᠮᠢᠶ᠎ᠠ ᠪᠦᠬᠦᠢ ᠠᠵᠢᠯ ᠤᠨ ᠨᠢᠭᠡᠴᠡ ᠶᠢ ᠵᠣᠬᠢᠶᠠᠨ ᠪᠠᠶᠢᠭᠤᠯᠵᠤ ᠪᠠᠶᠢᠭᠠᠳ ᠬᠠᠷᠢᠶ᠎ᠠ ᠣᠷᠣᠨ ᠳᠠᠬᠢ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢᠨ ᠦᠷ᠎ᠡ ᠪᠦᠲᠦᠭᠡᠯ ᠢ ᠡᠮᠬᠢᠯᠡᠨ ᠬᠠᠷᠭᠤᠭᠤᠯᠵᠤ᠂ ᠳᠤᠲᠠᠭᠳᠠᠯ ᠲᠠᠢ ᠲᠠᠯ᠎ᠠ ᠶᠢ ᠨᠢ ᠪᠠᠶᠢᠴᠠᠭᠠᠨ ᠨᠥᠬᠦᠪᠦᠷᠢᠯᠡᠵᠦ᠂ ᠪᠥᠬᠦ ᠲᠠᠯ᠎ᠠ ᠪᠠᠷ ᠪᠠᠶᠢᠴᠠᠭᠠᠨ ᠲᠣᠳᠣᠷᠬᠠᠶᠢᠯᠠᠭᠰᠠᠨ ᠤ ᠳᠠᠷᠠᠭ᠎ᠠ᠂ ᠵᠥᠩ ᠲᠠᠨ ᠲᠣᠰᠬᠤᠨ᠂ ᠾᠧ ᠱᠠᠩ ᠶᠢᠩ ᠲᠣᠰᠬᠤᠨ᠂ ᠯᠢᠦ ᠯᠢᠨ ᠲᠠᠨ ᠲᠣᠰᠬᠤᠨ ᠭᠤᠷᠪᠠᠨ ᠲᠣᠰᠬᠤᠨ ᠤ ᠠᠭᠤᠯᠵᠠᠷ ᠲᠤ ᠪᠠᠶᠢᠭ᠎ᠠ ᠪᠠᠷᠤᠭ 10 ᠮᠦ ᠭᠠᠵᠠᠷ ᠰᠢᠷᠣᠢ ᠳᠤ ᠡᠷᠬᠡ ᠶᠢ ᠨᠤᠲᠠᠯᠠᠵᠤ ᠳᠡᠩᠰᠡᠯᠡᠨ ᠲᠡᠮᠳᠡᠭᠯᠡᠭᠰᠡᠨ ᠪᠤᠷᠤᠭᠤ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠲᠠᠷᠢᠶᠠᠴᠢᠳ ᠤᠨ ᠭᠠᠵᠠᠷ ᠰᠢᠷᠣᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠶᠢᠨ ᠲᠥᠯᠥᠭᠡ᠂ ᠲᠤᠰ ᠭᠠᠵᠠᠷ ᠤᠨ ᠨᠠᠮ ᠤᠨ ᠭᠡᠰᠢᠭᠦᠨ ᠺᠠᠳ᠋ᠷᠴᠤᠳ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠭᠠᠴᠠᠭᠠᠨ ᠤ ᠠᠷᠠᠳ ᠤᠨ ᠵᠥᠪᠯᠡᠯ ᠤᠨ ᠬᠤᠯᠪᠣᠭᠳᠠᠯ ᠪᠦᠬᠦᠢ ᠭᠤᠷᠪᠠᠨ ᠬᠥᠮᠥᠰ ᠲᠠᠢ ᠴᠠᠭ ᠲᠤᠬᠠᠢ ᠳᠤᠨᠢ ᠬᠠᠷᠢᠯᠴᠠᠵᠤ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠪᠠᠶᠢᠳᠠᠯ᠂ ᠭᠠᠵᠠᠷ ᠰᠢᠷᠣᠢ ᠶᠢᠨ ᠲᠦᠷᠦᠯ ᠤᠨ ᠣᠳᠣᠬᠢ ᠪᠠᠶᠢᠳᠠᠯ ᠵᠢᠴᠢ ᠭᠠᠴᠠᠭᠠᠨ ᠤ ᠡᠲᠡᠭᠡᠳ ᠤᠨ ᠬᠢᠨ ᠤ ᠨᠤᠲᠠᠯᠠᠯᠲᠠ ᠶᠢ ᠳᠠᠬᠢᠨ ᠰᠢᠨ᠎ᠡ ᠪᠠᠷ ᠬᠢᠵᠦ᠂ ᠲᠡᠦᠬᠡ ᠶᠢ ᠬᠦᠨᠳᠦᠳᠬᠡᠬᠦ᠂ ᠪᠣᠳᠠᠲᠤ ᠪᠠᠶᠢᠳᠠᠯ ᠳᠤ ᠬᠠᠨᠳᠤᠬᠤ ᠵᠠᠷᠴᠢᠮ ᠢᠶᠠᠷ ᠭᠠᠴᠠᠭᠠᠨ ᠤ ᠡᠲᠡᠭᠡᠳ ᠤᠨ ᠬᠢᠨ ᠤ ᠨᠤᠲᠠᠯᠠᠯᠲᠠ ᠶᠢ ᠵᠦᠢ ᠵᠣᠬᠢᠰᠲᠠᠢ ᠪᠠᠷ ᠬᠥᠲᠥᠯᠥᠨ ᠵᠢᠯᠤᠭᠤᠳᠴᠤ᠂ ᠲᠣᠬᠢᠷᠠᠭᠤᠯᠤᠨ᠎ᠠ᠃
     ᠳᠠᠷᠠᠭ᠎ᠠ ᠶᠢᠨ ᠠᠯᠬᠤᠮ ᠳᠤ᠂ ᠲᠣᠭᠲᠠᠬᠤ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠤᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠪᠠᠶᠢᠬᠤ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠪᠠᠭ᠎ᠠ ᠶᠠᠪᠤᠳᠠᠯ ᠠᠴᠠ ᠡᠬᠢᠯᠡᠨ ᠳᠡᠷᠭᠡᠳᠡᠬᠢ ᠶᠠᠪᠤᠳᠠᠯ ᠠᠴᠠ ᠪᠠᠨ ᠡᠬᠢᠯᠡᠨ ᠬᠢᠵᠦ᠂ ᠪᠣᠳᠠᠲᠠᠢ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠦᠢᠯᠡᠴᠢᠯᠡᠭᠡᠨ ᠤ ᠴᠢᠳᠠᠪᠤᠷᠢ᠂ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠲᠦᠪᠰᠢᠨ ᠪᠣᠯᠣᠨ ᠦᠢᠯᠡᠴᠢᠯᠡᠭᠡᠨ ᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠠᠵᠢᠯ ᠬᠢᠵᠦ ᠦᠢᠯᠡᠰ ᠪᠣᠰᠬᠠᠬᠤ᠂ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1