ᠲᠣᠭᠲᠠᠬᠤ ᠰᠢᠶᠠᠨ᠄ ᠭᠤᠷᠪᠠᠨ ᠵᠦᠢᠯ ᠤᠨ ᠠᠷᠭ᠎ᠠ ᠬᠡᠮᠵᠢᠶ᠎ᠡ ᠪᠠᠷ ᠨᠠᠮ ᠪᠦᠯᠦᠭ ᠤᠨ ᠪᠤᠰᠤ ᠬᠥᠮᠥᠰ ᠪᠠ ᠨᠠᠮ ᠤᠨ ᠭᠠᠳᠠᠨᠠᠬᠢ ᠰᠡᠬᠡᠭᠡᠲᠡᠳ ᠤᠨ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ  ᠠᠬᠢᠭᠤᠯᠪᠠ
ᠨᠡᠶᠢᠲᠡᠯᠡᠭᠰᠡᠨ ᠴᠠᠭ᠄
2023/11/23
      ᠲᠣᠭᠲᠠᠬᠤ ᠰᠢᠶᠠᠨ ᠭᠤᠣᠯ ᠰᠡᠳᠦᠪᠲᠦ ᠬᠥᠮᠦᠵᠢᠯ ᠤᠨ ᠳᠤᠮᠳᠠ᠂ ᠳᠡᠭᠡᠳᠦ ᠱᠠᠲᠤᠨ ᠤ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ ᠰᠡᠬᠡᠭᠡᠲᠡᠳ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠪᠠᠨ ᠳᠠᠰᠤᠷᠠᠯᠳᠠ ᠦᠭᠡᠢ ᠰᠢᠨᠡᠳᠬᠡᠨ ᠰᠠᠶᠢᠵᠢᠷᠠᠭᠤᠯᠵᠤ᠂ ᠨᠠᠮ ᠤᠨ ᠭᠠᠳᠠᠨᠠᠬᠢ ᠰᠡᠬᠡᠭᠡᠲᠡᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠨᠢᠭᠲᠠᠷᠠᠯ ᠤᠨ ᠬᠦᠴᠦᠨ ᠪᠣᠯᠣᠨ ᠳᠠᠶᠢᠴᠢᠨ ᠬᠦᠴᠦᠨ ᠢ ᠳᠡᠭᠡᠭᠰᠢᠯᠡᠭᠦᠯᠵᠦ᠂ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ ᠰᠡᠬᠡᠭᠡᠲᠡᠳ ᠤᠨ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠠᠬᠢᠭᠤᠯᠪᠠ᠃      ᠬᠠᠮᠲᠤ ᠪᠠᠷ ᠲᠡᠮᠡᠴᠡᠬᠦ ᠶᠢᠨ ᠤᠯᠤᠰ ᠲᠦᠷᠦ ᠶᠢᠨ ᠵᠢᠯᠣᠭᠤᠳᠤᠯᠭ᠎ᠠ ᠶᠢ ᠴᠢᠩᠭᠠᠳᠬᠠᠪᠠ᠃ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠶᠢ ᠱᠤᠭᠤᠵᠤ ᠦᠨᠳᠦᠰᠦ ᠰᠠᠭᠤᠷᠢ ᠪᠠᠨ ᠪᠠᠲᠤᠳᠬᠠᠵᠤ ᠪᠦᠯᠬᠦᠮᠳᠡᠨ ᠲᠡᠮᠡᠴᠡᠬᠦ ᠰᠢᠨ᠎ᠡ ᠠᠶᠠᠨ ᠵᠠᠮ︾ ᠤᠨ ᠭᠤᠣᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠤᠯᠤᠰ ᠲᠦᠷᠦ ᠪᠠᠷ ᠬᠥᠲᠥᠯᠥᠨ ᠳᠠᠭᠠᠭᠤᠯᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ ᠰᠡᠬᠡᠭᠡᠲᠡᠳ ᠤᠨ ᠦᠵᠡᠯ ᠰᠠᠨᠠᠭ᠎ᠠ ᠶᠢ ᠰᠤᠷᠤᠯᠴᠠᠬᠤ᠂ ᠦᠨᠳᠦᠰᠦ ᠰᠠᠭᠤᠷᠢ ᠪᠠᠨ ᠪᠠᠲᠤᠳᠬᠠᠬᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ ᠶᠢ ᠬᠥᠲᠥᠯᠥᠨ ᠵᠢᠯᠣᠭᠤᠳᠤᠨ᠎ᠠ᠃ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢᠨ ᠬᠡᠯᠪᠡᠷᠢ ᠪᠠᠷ ᠳᠠᠮᠵᠢᠭᠤᠯᠤᠨ᠂ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ ᠰᠡᠬᠡᠭᠡᠲᠡᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠨᠢᠭᠡᠳᠦᠮᠡᠯ ᠹᠷᠣᠨᠲ ᠤᠨ ᠰᠠᠶᠢᠳ ᠨᠠᠷ ᠤᠨ ᠬᠤᠷᠠᠯ ᠵᠡᠷᠭᠡ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠤᠯᠵᠤ᠂ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ ᠰᠡᠬᠡᠭᠡᠲᠡᠳ ᠢ ᠬᠥᠲᠥᠯᠥᠨ ᠵᠢᠯᠤᠭᠤᠳᠴᠤ ᠪᠠᠶᠢᠭᠠᠳ ᠴᠢᠬᠤᠯᠠ ᠵᠠᠩᠭᠢᠯᠠᠭ᠎ᠠ ᠶᠢᠨ ᠦᠶ᠎ᠡ ᠳᠤ ᠰᠠᠨᠠᠭᠠᠴᠢᠯᠠᠭ᠎ᠠ ᠠᠴᠠ ᠪᠠᠨ ᠦᠭᠡ ᠶᠠᠷᠢᠭᠤᠯᠵᠤ᠂ ᠬᠠᠮᠤᠭ ᠤᠨ ᠲᠦᠷᠦᠭᠦᠨ ᠳᠤ ᠰᠤᠷᠤᠯᠴᠠᠬᠤ ᠬᠠᠯᠠᠭᠤᠨ ᠥᠷᠨᠢᠯᠲᠡ ᠭᠠᠷᠭᠠᠪᠠ᠃ ᠨᠠᠮ ᠤᠨ ᠭᠠᠳᠠᠨᠠᠬᠢ ᠰᠡᠬᠡᠭᠡᠲᠡᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠳᠤ ᠲᠦᠰᠢᠭᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠢ ᠪᠠᠲᠤ ᠴᠣᠭᠴᠠᠯᠠᠵᠤ᠂ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ ᠵᠡᠷᠭᠡ ᠲᠠᠪᠴᠠᠩ ᠳᠤ ᠰᠢᠷᠢᠰ ᠪᠣᠯᠪᠠᠰᠤᠷᠠᠯ ᠬᠥᠮᠦᠵᠢᠯ ᠤᠨ ᠠᠵᠢᠯᠯᠠᠭ᠎ᠠ ᠶᠢ ᠦᠷᠨᠢᠭᠦᠯᠪᠡ᠃ ᠰᠦᠯᠵᠢᠶᠡᠨ ᠭᠠᠳᠠᠨ᠎ᠠ ᠪᠠ ᠰᠦᠯᠵᠢᠶᠡᠨ ᠳᠡᠭᠡᠷ᠎ᠡ ᠣᠷᠣᠯᠴᠠᠭᠰᠠᠨ ᠬᠥᠮᠥᠨ ᠤ ᠲᠤᠭ᠎ᠠ ᠨᠡᠶᠢᠳᠡ 200 ᠬᠥᠮᠥᠨ ᠤᠳᠠᠭ᠎ᠠ ᠶᠢ ᠳᠠᠪᠠᠵᠤ᠂ ᠨᠠᠮ ᠤᠨ ᠭᠠᠳᠠᠨᠠᠬᠢ ᠰᠡᠬᠡᠭᠡᠲᠡᠳ ᠢ ᠬᠥᠲᠥᠯᠥᠨ ᠵᠢᠯᠤᠭᠤᠳᠴᠤ ᠪᠠᠶᠢᠭᠠᠳ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠲᠦᠷᠪᠡᠨ ᠤᠬᠠᠮᠰᠠᠷ︾ ᠢ ᠲᠠᠰᠤᠷᠠᠯᠳᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠲᠤᠭᠳᠠᠭᠠᠭᠰᠠᠨ︾ ᠶᠢ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠪᠡᠶᠡᠯᠡᠭᠦᠯᠪᠡ᠃     ᠪᠦᠯᠬᠦᠮᠳᠡᠵᠦ ᠬᠥᠲᠥᠯᠥᠨ ᠳᠠᠭᠠᠭᠤᠯᠬᠤ ᠠᠷᠭ᠎ᠠ ᠮᠠᠶ᠋ᠢᠭ ᠪᠠ ᠠᠷᠭ᠎ᠠ ᠶᠢᠨ ᠲᠠᠯ᠎ᠠ ᠪᠠᠷ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠶᠢ ᠳᠡᠭᠡᠭᠰᠢᠯᠡᠭᠦᠯᠬᠦ ᠲᠠᠪᠴᠠᠩ ᠢ ᠪᠠᠶᠢᠭᠤᠯᠬᠤ ᠮᠥᠷᠲᠡᠭᠡᠨ ᠪᠠᠰᠠ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠬᠤ ᠶᠢ ᠪᠠᠷᠢᠮᠲᠠᠯᠠᠵᠤ᠂ ᠨᠥᠬᠦᠷᠯᠡᠨ  ᠪᠦᠬᠦᠮᠳᠡᠬᠦ ᠂ ᠰᠡᠳᠬᠢᠯ ᠤᠨ ᠦᠭᠡ ᠪᠠᠨ ᠬᠡᠯᠡᠯᠴᠡᠨ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠥᠲᠥᠯᠥᠨ ᠵᠢᠯᠤᠭᠤᠳᠪᠠ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠶᠣᠰᠣ ᠤᠴᠢᠷ ᠢ ᠲᠣᠳᠣᠷᠬᠠᠢ ᠶᠠᠷᠢᠵᠤ᠂ ᠲᠤᠤᠱᠲᠠᠢ ᠶᠠᠷᠢᠬᠤ ᠶᠢᠨ ᠬᠠᠮᠲᠤ ᠪᠠᠰᠠ ᠦᠢᠯᠡᠳᠦᠯᠭᠡ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠦᠢᠯᠡᠳᠦᠯᠭᠡ ᠪᠠᠷ ᠤᠨᠤᠯ ᠢ ᠰᠢᠯᠭᠠᠵᠤ᠂ ᠪᠣᠳᠠᠲᠤ ᠠᠬᠤᠢ ᠪᠠᠷ ᠦᠵᠡᠯ ᠰᠠᠨᠠᠭ᠎ᠠ ᠶᠢ ᠬᠦᠨᠳᠡᠬᠦ ᠬᠡᠷᠡᠭᠲᠡᠢ᠃ ᠲᠡᠳᠡᠨ ᠢ ᠬᠠᠪᠰᠤᠷᠤᠨ ᠦᠵᠡᠯ ᠰᠠᠨᠠᠭᠠᠨ ᠤ ᠵᠠᠩᠭᠢᠷᠠᠭ᠎ᠠ ᠶᠢ ᠨᠢ ᠲᠠᠶᠢᠯᠵᠤ᠂ ᠠᠵᠢᠯ ᠠᠮᠢᠳᠤᠷᠠᠯ ᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠪᠠᠷ ᠪᠠᠷᠠᠬᠤ ᠦᠭᠡᠢ ᠪᠠᠰᠠ ᠥᠪᠡᠷ ᠢ ᠪᠠᠨ ᠬᠥᠮᠥᠵᠢᠭᠦᠯᠬᠦ ᠶᠢ ᠠᠬᠢᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠬᠠᠪᠰᠤᠷᠬᠤ ᠳᠤᠮᠳᠠ ᠦᠵᠡᠯ ᠰᠠᠨᠠᠭ᠎ᠠ ᠶᠢ ᠨᠢ ᠰᠡᠩᠬᠡᠷᠡᠭᠦᠯᠵᠦ᠂ ᠲᠠᠨᠢᠯᠲᠠ ᠶᠢ ᠨᠢ ᠭᠦᠨᠵᠡᠭᠡᠶᠢᠷᠡᠭᠦᠯᠪᠡ᠃ ᠰᠦᠯᠵᠢᠶ᠎ᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠦᠯᠵᠢᠶᠡᠨ ᠤ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠡᠨ ᠤ ᠦᠵᠡᠯ ᠰᠠᠨᠠᠭᠠᠨ ᠤ ᠠᠩᠬᠠᠷᠤᠯ ᠢ ᠣᠶᠢᠯᠠᠭᠠᠬᠤ ᠪᠠ ᠲᠡᠭᠦᠨ ᠳᠤ ᠬᠠᠷᠢᠭᠤᠯᠲᠠ ᠥᠭᠬᠦ ᠶᠢᠨ ᠬᠠᠮᠲᠤ ᠪᠠᠰᠠ ᠰᠦᠯᠵᠢᠶᠡᠨ ᠠᠴᠠ ᠭᠠᠳᠠᠭᠤᠷᠬᠢ ᠠᠵᠢᠯ ᠢ ᠰᠠᠶᠢᠲᠤᠷ ᠬᠢᠵᠦ᠂ ᠰᠦᠯᠵᠢᠶᠡᠨ ᠤ ᠭᠠᠳᠠᠨ᠎ᠠ ᠪᠠ ᠰᠦᠯᠵᠢᠶᠡᠨ ᠠᠴᠠ ᠭᠠᠳᠠᠭᠤᠷᠬᠢ ᠢᠵᠢᠯᠢ ᠲᠥᠪᠲᠦ ᠲᠣᠭᠤᠷᠢᠭ ᠢ ᠰᠠᠶᠢᠲᠤᠷ ᠵᠢᠷᠤᠬᠤ ᠬᠡᠷᠡᠭᠲᠡᠢ᠃      ᠨᠡᠶᠢᠭᠡᠮ ᠳᠤ ᠦᠢᠯᠡᠴᠢᠯᠡᠬᠦ ᠪᠣᠳᠠᠲᠤ ᠦᠢᠯᠡᠳᠦᠯᠭᠡ ᠶᠢ ᠴᠢᠩᠭᠠᠳᠬᠠᠪᠠ᠃ ᠨᠠᠮ ᠤᠨ ᠭᠠᠳᠠᠨᠠᠬᠢ ᠲᠥᠯᠥᠭᠡᠯᠡᠭᠴᠢ ᠬᠥᠮᠥᠰ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ 5 ᠵᠢᠯ ᠳᠠᠷᠠᠭᠠᠯᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ ᠤᠨ ᠨᠠᠮ ᠤᠨ ᠭᠠᠳᠠᠨᠠᠬᠢ ᠰᠡᠬᠡᠭᠡᠲᠡᠳ ᠲᠠᠢ ᠬᠠᠷᠢᠯᠴᠠᠵᠤ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠳᠤ ᠬᠦᠷᠴᠦ᠂ ᠲᠤᠰᠬᠠᠢ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠤᠬᠠᠭᠤᠯᠭ᠎ᠠ᠂ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠵᠡᠷᠭᠡ ᠠᠷᠠᠳ ᠲᠤ ᠪᠣᠳᠠᠲᠤ ᠶᠠᠪᠤᠳᠠᠯ ᠬᠢᠬᠦ ᠠᠯᠢ ᠤᠯᠠᠨ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ 1100 ᠭᠠᠷᠤᠢ ᠬᠥᠮᠥᠨ ᠤᠳᠠᠭ᠎ᠠ ᠰᠦᠢᠳᠬᠡᠯ ᠠᠪᠬᠤ ᠦᠭᠡᠢ ᠪᠠᠷ ᠡᠮᠨᠡᠭᠦᠯᠵᠦ᠂ ᠡᠮ ᠬᠦᠷᠭᠡᠭᠰᠡᠨ ᠦᠷᠳᠡᠭ ᠨᠢ 5 ᠲᠦᠮᠡᠨ ᠲᠥᠭᠦᠷᠢᠭ ᠰᠢᠬᠠᠮ ᠬᠦᠷᠴᠡᠢ᠃ ᠨᠠᠮ ᠤᠨ ᠭᠠᠳᠠᠨᠠᠬᠢ ᠰᠡᠬᠡᠭᠡᠲᠡᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠨᠡᠶᠢᠭᠡᠮ ᠤᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠰᠠᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠨᠢᠭᠡ ᠪᠦᠯᠦᠭ ᠰᠢᠯᠢᠳᠡᠭ ᠨᠡᠶᠢᠲᠡᠯᠢᠭ ᠵᠢᠱᠢᠶ᠎ᠡ ᠶᠢ ᠰᠣᠩᠭᠤᠨ ᠡᠯ᠎ᠡ ᠲᠦᠷᠦᠯ ᠤᠨ ᠲᠡᠷᠢᠭᠦᠨ ᠤ ᠬᠢ ᠶᠢ ᠰᠢᠯᠭᠠᠷᠠᠭᠤᠯᠤᠨ ᠬᠥᠬᠢᠭᠦᠯᠬᠦ ᠳᠤ ᠣᠷᠣᠯᠴᠠᠭᠤᠯᠵᠤ᠂ ᠪᠦᠬᠦ ᠰᠢᠶᠠᠨ ᠤ ᠨᠠᠮ ᠤᠨ ᠭᠠᠳᠠᠨᠠᠬᠢ ᠬᠥᠮᠥᠰ ᠤᠨ ᠢᠮᠠᠭᠲᠠ ᠴᠤᠭ ᠪᠠᠳᠠᠷᠠᠩᠭᠤᠢ ᠲᠡᠮᠡᠴᠡᠯ ᠤᠨ ᠣᠪᠣᠷ ᠪᠠᠶᠢᠳᠠᠯ ᠲᠠᠢ ᠪᠠᠶᠢᠵᠤ ᠭᠤᠣᠯ ᠠᠵᠢᠯ ᠤᠨ ᠲᠣᠭᠤᠷᠢᠨ ᠳᠤ ᠠᠷᠭ᠎ᠠ ᠤᠬᠠᠭᠠᠨ ᠭᠠᠷᠭᠠᠨ ᠬᠦᠴᠦᠨ ᠴᠢᠳᠠᠯ ᠢᠶᠠᠨ ᠡᠷᠭᠦᠵᠦ᠂ ᠦᠢᠯᠡᠰ ᠪᠣᠰᠬᠠᠨ ᠭᠠᠪᠢᠶ᠎ᠠ ᠪᠠᠶᠢᠭᠤᠯᠵᠤ᠂ ᠵᠣᠷᠢᠭᠲᠠᠢ ᠪᠠᠷ ᠤᠷᠤᠰᠬᠠᠯ ᠤᠨ ᠲᠦᠷᠦᠭᠦᠨ ᠳᠤ ᠭᠠᠷᠬᠤ ᠶᠢ  ᠵᠤᠷᠢᠭᠵᠢᠭᠤᠯᠪᠠ᠃      ᠳᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠠᠵᠢᠯ ᠤᠨ ᠵᠠᠷᠴᠢᠮ ᠢ ᠴᠢᠨᠠᠭᠰᠢᠳᠠ ᠨᠠᠶᠢᠳᠠᠪᠤᠷᠢᠵᠢᠭᠤᠯᠵᠤ᠂ ᠨᠠᠮ ᠪᠦᠯᠦᠭ ᠤᠨ ᠪᠤᠰᠤ ᠬᠥᠮᠥᠰ ᠪᠣᠯᠣᠨ ᠨᠠᠮ ᠤᠨ ᠭᠠᠳᠠᠨᠠᠬᠢ ᠰᠡᠬᠡᠭᠡᠲᠡᠳ ᠤᠨ ᠨᠢᠭᠡᠳᠦᠮᠡᠯ ᠹᠷᠣᠨᠲ ᠤᠨ ᠠᠵᠢᠯ ᠤᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠤᠳᠤᠯᠤᠨ ᠰᠢᠢᠳᠪᠦᠷᠢᠯᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠡᠳᠬᠢᠯ ᠬᠦᠴᠦᠨ ᠴᠢᠳᠠᠯ ᠢ ᠨᠢᠭᠲᠠᠷᠠᠭᠤᠯᠤᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1