ᠲᠦᠩ ᠨᠠ
ᠨᠡᠶᠢᠲᠡᠯᠡᠭᠰᠡᠨ ᠴᠠᠭ᠄
2023/11/23
ᠲᠦᠩ ᠨᠠ      ᠲᠤᠰᠢᠶᠠᠯ᠄ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠳᠡᠳ᠋ ᠳᠠᠷᠤᠭ᠎ᠠ      ᠠᠵᠢᠯ ᠤᠨ ᠬᠤᠪᠢᠶᠠᠷᠢᠯᠠᠯ᠄ ᠰᠢᠶᠠᠨ ᠤ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠷᠠᠳ ᠤᠨ ᠶᠠᠪᠤᠳᠠᠯ᠂ ᠡᠮᠴᠢᠯᠡᠭᠡ ᠶᠢᠨ ᠪᠠᠲᠤᠯᠠᠭ᠎ᠠ᠂ ᠦᠨᠳᠦᠰᠦᠲᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠭᠦᠢᠴᠡᠳᠬᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠭᠡᠷ︶᠂ ᠠᠷᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠵᠢᠯᠣᠭᠤᠳᠤᠨ ᠲᠣᠬᠢᠷᠠᠭᠤᠯᠬᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶ ᠃ ᠬᠠᠷᠢᠯᠴᠠᠬᠤ ᠨᠢ᠄ ᠰᠢᠶᠠᠨ ᠤ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠤᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠺᠣᠮᠢᠰ᠂ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ᠂ ᠲᠠᠮᠠᠬᠢ ᠲᠤᠰᠬᠠᠢ ᠬᠤᠳᠠᠯᠳᠤᠬᠤ ᠲᠣᠪᠴᠢᠶ᠎ᠠ᠃ ᠰᠢᠶᠠᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠃ ᠲᠣᠪᠴᠢ ᠨᠠᠮᠲᠠᠷ᠄       ᠲᠦᠩ ᠨᠠ᠂ ᠡᠮᠡᠭᠲᠡᠢ᠂ ᠬᠢᠲᠠᠳ ᠦᠨᠳᠦᠰᠦᠲᠡᠨ᠂ 1980 ᠣᠨ ᠤ 2 ᠰᠠᠷ᠎ᠠ ᠳᠤ ᠲᠦᠷᠦᠵᠠᠢ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1