ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠭᠤᠯᠠᠨ ᠲᠢᠩᠬᠢᠮ ᠢ ᠲᠣᠬᠢᠶᠠᠯᠳᠤᠯ ᠢᠶᠠᠷ ᠪᠠᠶᠢᠴᠠᠭᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/24
      ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠨᠠᠩ ᠰᠠᠶᠢᠨ ᠳᠡᠭᠡᠭᠰᠢᠯᠡᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠭᠤᠯᠠᠨ ᠲᠢᠩᠬᠢᠮ ᠢ ᠲᠣᠬᠢᠶᠠᠯᠳᠤᠯ ᠢᠶᠠᠷ ᠪᠠᠶᠢᠴᠠᠭᠠᠬᠤ︾ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢ ᠤᠷᠢᠵᠤ ᠪᠥᠬᠦ ᠶᠠᠪᠤᠴᠠ ᠳᠤ ᠬᠢᠨᠠᠯᠲᠠ ᠲᠠᠯᠪᠢᠭᠤᠯᠪᠠ᠃
     ︽ᠬᠤᠭᠤᠯᠠᠨ ᠭᠡᠷ ᠢ ᠲᠣᠬᠢᠶᠠᠯᠳᠤᠯ ᠢᠶᠠᠷ ᠪᠠᠶᠢᠴᠠᠭᠠᠬᠤ︾ ᠲᠤᠰᠬᠠᠢ ᠬᠠᠤᠯᠢ ᠬᠡᠷᠡᠭᠵᠢᠭᠦᠯᠬᠦ ᠠᠵᠢᠯᠯᠠᠭ᠎ᠠ ᠨᠢ ᠢᠳᠡᠭᠡᠨ ᠤᠮᠳᠠᠭᠠᠨ ᠤ ᠳᠡᠯᠭᠡᠭᠦᠷ ᠢ ᠪᠥᠬᠦ ᠲᠠᠯ᠎ᠠ ᠪᠠᠷ ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠬᠥᠮᠥᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠪᠠᠶᠢᠳᠠᠭ ᠢᠳᠡᠭᠡᠨ ᠤᠮᠳᠠᠭᠠᠨ ᠤ ᠳᠡᠯᠭᠡᠭᠦᠷ ᠲᠤ ᠪᠠᠶᠢᠴᠠᠭᠠᠯᠲᠠ ᠬᠢᠬᠦ ᠶᠢ ᠳᠣᠪᠤᠶᠢᠯᠭᠠᠵᠤ᠂ ᠲᠣᠬᠢᠶᠠᠯᠳᠤᠯ ᠢᠶᠠᠷ ᠰᠣᠩᠭᠤᠨ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠬᠢᠬᠦ ᠶᠢᠨ ᠬᠠᠮᠲᠤ ᠲᠣᠭᠤᠭᠠᠨ ᠭᠡᠷ ᠤᠨ ᠢᠳᠡᠭᠡᠨ ᠤ ᠮᠠᠲ᠋ᠧᠷᠢᠶᠠᠯ ᠢ ᠰᠣᠩᠭᠤᠨ ᠠᠪᠴᠤ ᠲᠤᠬᠠᠢ ᠶᠢᠨ ᠲᠠᠯᠠᠪᠤᠷ ᠤᠨ ᠲᠦᠷᠭᠡᠨ ᠪᠠᠶᠢᠴᠠᠭᠠᠯᠲᠠ ᠬᠢᠵᠡᠢ᠃
     ᠲᠣᠰ ᠤᠳᠠᠭᠠᠨ ᠤ ᠲᠤᠰᠬᠠᠢ ᠠᠵᠢᠯᠯᠠᠭ᠎ᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠭᠤᠣᠯᠳᠠᠭᠤ ᠢᠳᠡᠭᠡᠨ ᠤᠮᠳᠠᠭᠠᠨ ᠤ ᠳᠡᠯᠭᠡᠭᠦᠷ ᠤᠨ ᠦᠨᠡᠮᠯᠡᠯ᠂ ᠡᠵᠡᠩᠨᠡᠯᠲᠡ ᠶᠢᠨ ᠪᠠᠶᠢᠳᠠᠯ᠂ ᠲᠣᠭᠤᠭᠠᠨ ᠭᠡᠷ ᠤᠨ ᠳᠣᠲᠣᠭᠠᠳᠤ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠪᠠᠶᠢᠳᠠᠯ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠴᠤ ᠬᠠᠳᠠᠭᠠᠯᠠᠬᠤ ᠪᠠ ᠭᠡᠷᠡᠴᠢ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠭᠰᠠᠨ ᠪᠠᠶᠢᠳᠠᠯ ᠵᠢᠴᠢ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠬᠢᠨᠠᠯᠲᠠ ᠪᠠᠶᠢᠴᠠᠭᠠᠯᠲᠠ ᠦᠷᠨᠢᠭᠦᠯᠪᠡ᠃ ᠲᠦᠷᠭᠡᠨ ᠪᠠᠶᠢᠴᠠᠭᠠᠯᠲᠠ ᠶᠢᠨ ᠠᠵᠢᠯᠲᠠᠳ ᠢᠳᠡᠭᠡᠨ ᠤᠮᠳᠠᠭᠠᠨ ᠤ ᠳᠡᠯᠭᠡᠭᠦᠷ ᠤᠨ ᠠᠷᠤ ᠲᠠᠯ᠎ᠠ ᠶᠢᠨ ᠲᠣᠭᠤᠭᠠᠨ ᠭᠡᠷ ᠠᠴᠠ ᠦᠯᠢᠭᠡᠷ ᠡᠳ᠋ ᠢ ᠲᠦᠷᠭᠡᠨ ᠪᠠᠶᠢᠴᠠᠭᠠᠨ ᠰᠢᠯᠭᠠᠵᠤ᠂ ᠲᠦᠷᠭᠡᠨ ᠪᠠᠶᠢᠴᠠᠭᠠᠯᠲᠠ ᠶᠢᠨ ᠳ᠋ᠦᠩ ᠢ ᠴᠥᠮ ᠬᠢᠷᠢ ᠲᠡᠩᠴᠡᠭᠰᠡᠨ ᠢᠶᠠᠷ ᠮᠠᠭᠠᠳᠯᠠᠨ ᠲᠣᠭᠲᠠᠭᠠᠵᠠᠢ᠃
     ᠪᠠᠶᠢᠴᠠᠭᠠᠯᠲᠠ ᠶᠢᠨ ᠳᠤᠮᠳᠠ᠂ ᠣᠯᠵᠤ ᠮᠡᠳᠡᠭᠰᠡᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠤᠨ ᠠᠰᠠᠭᠤᠳᠠᠯ ᠢ ᠪᠠᠶᠢᠴᠠᠭᠠᠬᠤ ᠳᠤᠭᠤᠶᠢᠯᠠᠩ ᠲᠤᠬᠠᠢ ᠶᠢᠨ ᠲᠠᠯᠠᠪᠤᠷ ᠲᠤᠨᠢ ᠵᠢᠭᠠᠨ ᠵᠢᠯᠤᠭᠤᠳᠴᠤ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤᠨᠢ ︽ᠢᠳᠡᠭᠡᠨ ᠤ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢᠨ ᠦᠷ᠎ᠡ ᠳ᠋ᠦᠩ ᠤᠨ ᠲᠡᠮᠳᠡᠭᠯᠡᠯ ᠤᠨ ᠬᠦᠰᠦᠨᠦᠭᠲᠦ︾ ᠶᠢ ᠳᠡᠩᠰᠡᠯᠡᠨ ᠲᠡᠮᠳᠡᠭᠯᠡᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢ ᠴᠡᠭᠴᠡᠯᠡᠨ ᠰᠠᠶᠢᠵᠢᠷᠠᠭᠤᠯᠬᠤ ᠵᠦᠢᠯᠡᠰ ᠤᠨ ᠨᠠᠷᠢᠨ ᠲᠠᠩᠰᠠ ᠲᠠᠢ ᠬᠠᠷᠢᠴᠠᠭᠤᠯᠤᠨ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠪᠠᠶᠢᠴᠠᠭᠠᠯᠲᠠ ᠶᠢᠨ ᠳᠤᠮᠳᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠤᠬᠠᠭᠤᠯᠭ᠎ᠠ ᠶᠢᠨ ᠰᠠᠨᠠᠭᠤᠯᠬᠤ ᠡᠭᠦᠷᠭᠡ ᠥᠷᠨᠢᠭᠦᠯᠦᠭᠰᠡᠨ ᠦᠭᠡᠢ ᠪᠠᠶᠢᠳᠠᠯ ᠢ ᠣᠯᠵᠤ ᠮᠡᠳᠡᠭᠰᠡᠨ ᠪᠠᠶᠢᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ  ᠲᠤᠨᠢ ︽ᠵᠠᠷᠯᠢᠭᠳᠠᠨ ᠵᠠᠯᠠᠷᠠᠭᠤᠯᠤᠭᠤᠯᠬᠤ ᠮᠡᠳᠡᠭᠳᠡᠯ ᠤᠨ ᠪᠢᠴᠢᠭ︾ ᠪᠠᠭᠤᠯᠭᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠡᠵᠡᠩᠨᠡᠭᠴᠢ ᠶᠢ ᠵᠢᠭᠠᠨ ᠵᠢᠯᠤᠭᠤᠳᠴᠤ ᠪᠠᠶᠢᠭᠠᠳ ︽ᠬᠤᠭᠤᠰᠤᠨ ᠲᠠᠪᠠᠭ ᠤᠨ ᠠᠵᠢᠯᠯᠠᠭ᠎ᠠ᠂ ᠪᠣᠯᠪᠠᠰᠤᠨ ᠢᠶᠠᠷ ᠬᠤᠭᠤᠯᠠ ᠢᠳᠡᠬᠦ︾ ᠵᠡᠷᠭᠡ ᠤᠬᠠᠭᠤᠯᠭ᠎ᠠ ᠶᠢᠨ ᠵᠠᠷᠯᠠᠯ ᠨᠠᠭᠠᠵᠤ᠂ ᠲᠡᠳᠡᠨ ᠤ ᠴᠡᠭᠴᠡᠯᠡᠨ ᠰᠠᠶᠢᠵᠢᠷᠠᠭᠤᠯᠬᠤ ᠶᠢ ᠰᠢᠪᠠᠳᠠᠪᠠ᠃       ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠰᠢᠶᠠᠨ ᠤ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1