ᠲᠣᠭᠲᠠᠬᠤ ᠰᠢᠶᠠᠨ᠄ ᠪᠣᠳᠠᠰ ᠤᠨ ᠪᠤᠰᠤ ᠰᠣᠶᠣᠯ ᠤᠨ ᠥᠪ ᠤᠨ ᠪᠠ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/11/24
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠠᠭᠤᠳᠠᠯᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠲᠡᠦᠬᠡ ᠰᠣᠶᠣᠯ ᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ᠂ ᠠᠷᠠᠳ ᠲᠦᠮᠡᠨ ᠢ ᠳᠠᠭᠠᠭᠤᠯᠤᠨ ᠪᠠᠶᠠᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠴᠢᠬᠤᠯᠠ  ᠭᠠᠷᠳᠠᠴᠠ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠬᠦᠴᠦᠨ ᠪᠠ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠴᠢᠷᠮᠠᠶᠢᠨ  ᠠᠬᠢᠭᠤᠯᠪᠠ᠃      11 ᠳ᠋ᠤᠭᠡᠷ ᠰᠠᠷ᠎ᠠ   ᠶᠢᠨ 21 ᠤ ᠡᠳᠦᠷ ᠤᠨ ᠥᠷᠯᠥᠭᠡ᠂ ᠲᠣᠭᠲᠠᠬᠤ ᠰᠢᠶᠠᠨ ᠤ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ ᠤᠨ ᠾᠧ ᠺᠧᠦ ᠲᠣᠰᠬᠤᠨ ᠤ ᠭᠠᠷ ᠤᠷᠠᠯᠠᠯ ᠤᠨ ᠬᠤᠷᠰᠢᠶᠠᠨ ᠤ ᠬᠢᠨ ᠬᠡᠰᠡᠭ ᠬᠡᠰᠡᠭ ᠠᠩᠬᠢᠯᠤᠮ᠎ᠠ ᠰᠠᠶᠢᠬᠠᠨ ᠦᠨᠦᠷ ᠬᠠᠩᠬᠤᠯᠵᠤ᠂ ᠨᠠᠰᠢ ᠴᠠᠰᠢ ᠵᠣᠷᠴᠢᠭᠴᠢᠳ ᠲᠠᠰᠤᠷᠠᠯᠲᠠ ᠦᠭᠡᠢ ᠴᠤᠪᠤᠷᠠᠵᠤ ᠪᠠᠶᠢᠯ᠎ᠠ᠃ ᠭᠠᠷ ᠤᠷᠠᠯᠠᠯ ᠤᠨ ᠦᠢᠯᠡᠳᠬᠡᠯ ᠤᠨ ᠭᠠᠵᠠᠷ ᠲᠤ ᠣᠷᠣᠬᠤ ᠳᠤ᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠣᠣᠪᠤ ᠶᠢᠨ ᠤᠯᠠᠮᠵᠢᠯᠠᠭᠴᠢ ᠶᠠᠩ ᠰᠢᠶᠣᠣ ᠵᠢᠤᠸᠠᠨ ᠶᠠᠭ ᠰᠠᠶᠢᠬᠠᠨ ᠪᠣᠯᠪᠠᠰᠤᠷᠠᠩᠭᠤᠢ ᠪᠠᠷ ᠪᠣᠣᠪᠤ ᠬᠢᠵᠦ ᠪᠠᠶᠢᠨ᠎ᠠ᠃ ᠠᠵᠢᠯᠯᠠᠬᠤ ᠲᠠᠶᠢᠰᠠᠨ ᠳᠡᠭᠡᠷ᠎ᠡ ᠨᠢᠭᠡᠨᠲᠡ ᠬᠢᠭᠰᠡᠨ ᠬᠤᠸᠠᠷ ᠲᠠᠢ ᠪᠣᠣᠪᠤ ᠶᠢᠨ ᠥᠩᠭᠡ ᠪᠤᠳᠤᠭ ᠨᠢ ᠬᠤᠷᠴᠠ ᠰᠣᠷᠭᠤᠭ᠂ ᠬᠡᠯᠪᠡᠷᠢ ᠳᠦᠷᠰᠦ ᠨᠢ ᠪᠠᠶᠠᠯᠢᠭ᠂ ᠬᠡᠯᠡᠨ ᠤ ᠦᠵᠦᠭᠦᠷ ᠲᠠᠬᠢ ︽ᠤᠷᠠᠯᠢᠭ ᠤᠨ ᠪᠦᠲᠦᠭᠡᠯ︾ ᠰᠢᠭ ᠪᠠᠶᠢᠳᠠᠭ᠃
    ᠵᠢᠷᠤᠭ ᠪᠣᠯ ᠬᠤᠲᠠ ᠶᠢᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠡᠴᠡᠭᠲᠦ ᠮᠠᠨᠲᠠᠤ ᠶᠢᠨ ᠤᠯᠠᠮᠵᠢᠯᠠᠭᠴᠢ ᠶᠠᠩ ᠰᠢᠶᠣᠣ ᠵᠢᠤᠸᠠᠨ ᠰᠠᠶ᠋ᠢᠬᠠᠨ ᠵᠢᠩᠨᠡᠭᠰᠡᠨ ᠴᠡᠴᠡᠭᠲᠦ ᠮᠠᠨᠲᠠᠤ ᠶᠢ ᠡᠮᠬᠢᠯᠡᠵᠦ ᠪᠠᠶᠢᠭ᠎ᠠ ᠨᠢ      ᠾᠧ ᠺᠧᠦ ᠲᠣᠰᠬᠤᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠬᠠᠮᠤᠭ ᠤᠨ ᠲᠥᠪᠯᠡᠷᠡᠭᠰᠡᠨ᠂ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠢᠶᠠᠷ ᠬᠠᠮᠤᠭ ᠤᠨ ᠡᠯᠪᠡᠭ ᠡᠷᠲᠡᠨ ᠤ ᠲᠣᠰᠬᠤᠨ ᠤ ᠨᠢᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠲᠣᠰᠬᠤᠨ ᠢᠶᠠᠷ ᠦᠨᠡᠯᠡᠭᠳᠡᠵᠦ᠂ ᠣᠲᠣ 10 ᠭᠠᠷᠤᠢ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠶ᠂ ᠡᠭᠦᠨ ᠳᠤ ᠬᠤᠸᠠᠷᠲᠠᠢ ᠮᠠᠨᠲᠠᠤ᠂ ᠳ᠋ᠧᠦᠹᠦ᠋᠂ ᠳ᠋ᠧᠩᠯᠦ ᠶᠢ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠪᠣᠯᠭᠠᠵᠤ᠂ ᠢᠰᠡᠭᠡᠢ᠂ ᠪᠤᠷᠭᠠᠰᠤᠨ ᠭᠦᠷᠦᠮᠡᠯ᠂ ᠪᠥᠰ ᠤᠷᠠᠯᠠᠯ ᠵᠡᠷᠭᠡ ᠶᠢ ᠰᠢᠶᠠᠨ ᠤ ᠲᠠᠰ ᠤᠨ ᠪᠣᠳᠠᠰ ᠤᠨ ᠪᠤᠰᠤ ᠰᠣᠶᠣᠯ ᠤᠨ ᠦᠪ ᠲᠤ ᠤᠷᠤᠭᠤᠯᠪᠠ᠃ ᠣᠳᠣᠬᠠᠨ ᠳᠤ ᠲᠤᠰ ᠲᠣᠰᠬᠤᠨ ᠤ ᠬᠢᠨ ᠾᠧ ᠺᠧᠦ ᠲᠣᠰᠬᠤᠨ ᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠢ ᠬᠦᠴᠦᠯᠡᠨ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢᠶᠠᠷ ᠭᠤᠣᠯ ᠤᠳᠤᠷᠢᠳᠤᠮᠵᠢ ᠪᠣᠯᠭᠠᠨ ᠲᠣᠭᠤᠷᠢᠨ ᠦᠵᠡᠬᠦ᠂ ᠦᠢᠯᠡᠳᠪᠦᠷᠢᠯᠡᠬᠦ᠂ ᠪᠡᠶᠡᠴᠢᠯᠡᠨ ᠣᠶᠢᠯᠠᠭᠠᠬᠤ ᠶᠢ ᠤᠶᠠᠯᠳᠤᠭᠤᠯᠵᠤ ᠲᠣᠭᠲᠠᠬᠤ ᠰᠢᠶᠠᠨ ᠤ ᠾᠧ ᠺᠧᠦ ᠡᠷᠲᠡᠨ ᠤ ᠪᠠᠯᠭᠠᠰᠤ ᠶᠢᠨ ᠰᠣᠶᠣᠯ ᠢ ᠢᠯᠡᠷᠡᠭᠦᠯᠵᠦ ᠪᠤᠢ᠃      ᠣᠶᠢᠷ᠎ᠠ ᠶᠢᠨ ᠵᠢᠯ ᠤᠳ ᠲᠤ᠂ ᠲᠣᠭᠲᠠᠬᠤ ᠰᠢᠶᠠᠨ ︽ᠮᠢᠩᠭᠠᠨ ᠣᠨ ᠤ ᠡᠷᠲᠡᠨ ᠤ ᠶᠦᠨ ᠵᠦᠩ᠂ ᠷᠢᠳᠢ ᠰᠢᠳᠢ ᠲᠠᠢ ᠲᠣᠭᠲᠠᠬᠤ︾ ᠳᠦᠷᠢ ᠲᠥᠷᠬᠦ ᠶᠢᠨ ᠲᠣᠭᠤᠷᠢᠨ ᠳᠤ ᠪᠠᠶᠢᠷᠢ ᠲᠣᠭᠲᠠᠭᠠᠯᠲᠠ ᠬᠢᠵᠦ᠂ ᠬᠠᠲᠤᠨ ᠭᠤᠣᠯ ᠤᠨ ︽几︾ ᠦᠰᠦᠭ ᠤᠨ ᠮᠤᠷᠤᠶᠢᠯᠲᠠ ᠶᠢᠨ ᠰᠣᠶᠣᠯ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠡᠯᠡᠭᠦᠴᠡᠨ ᠠᠮᠠᠷᠠᠬᠤ᠂ ᠲᠠᠷᠢᠶᠠᠯᠠᠬᠤ ᠶᠢ ᠪᠡᠶᠡᠴᠢᠯᠡᠨ ᠣᠶᠢᠯᠠᠭᠠᠬᠤ᠂ ᠢᠳᠡᠭᠡᠨ ᠤᠮᠳᠠᠭᠠᠨ ᠵᠤᠭ᠎ᠠ ᠴᠡᠩᠭᠡᠯ ᠵᠡᠷᠭᠡ ᠲᠥᠷᠥᠯ ᠵᠦᠢᠯ ᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ ᠰᠡᠯᠡᠭᠦᠴᠡᠯ ᠵᠢᠭᠤᠯᠴᠢᠯᠠᠯ᠂ ᠲᠡᠦᠬᠡ ᠰᠣᠶᠣᠯ ᠤᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠲᠣᠰ ᠭᠠᠵᠠᠷ ᠣᠷᠣᠨ ᠤ ᠪᠠᠨ ᠪᠣᠳᠠᠰ ᠤᠨ ᠪᠤᠰᠤ ᠥᠪ ᠤᠨ ᠡᠬᠢ ᠪᠠᠶᠠᠯᠢᠭ ᠢ ᠴᠢᠷᠮᠠᠶᠢᠨ ᠠᠰᠢᠭᠯᠠᠵᠤ᠂ ᠣᠷᠣᠨ ᠤ ᠪᠠᠨ ᠡᠮᠦᠨᠡᠲᠦ ᠬᠡᠰᠡᠭ ᠤᠨ ᠬᠠᠲᠤᠨ ᠭᠤᠣᠯ ᠤᠨ ᠦᠵᠡᠮᠵᠢ ᠶᠢᠨ ᠰᠣᠶᠣᠯ ᠤᠨ ᠵᠢᠭᠤᠯᠴᠢᠯᠠᠯ ᠤᠨ ᠪᠦᠰᠡ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃
     ᠵᠢᠷᠤᠭ ᠪᠣᠯ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠤᠣᠰ ᠬᠡᠷᠡᠮᠲᠦ ᠶᠠᠩᠭᠠᠷ ᠦᠵᠡᠮᠵᠢ ᠶᠢᠨ ᠣᠷᠣᠨ ᠳᠤ ᠲᠣᠭᠯᠠᠵᠤ ᠪᠠᠶᠢᠭ᠎ᠠ ᠨᠢ      ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠲᠣᠭᠲᠠᠬᠤ ᠰᠢᠶᠠᠨ ᠤ ᠬᠠᠲᠤᠨ ᠭᠤᠣᠯ ᠤᠨ ᠮᠠᠢ ᠶᠧ ᠬᠥ᠋ ᠠᠮᠢ ᠠᠬᠤᠢ ᠶᠢᠨ ᠰᠡᠯᠡᠭᠦᠴᠡᠯ ᠤᠨ ᠣᠷᠣᠨ ︵ᠤᠯᠤᠰ ᠤᠨ AAA ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ︶ ᠂ ᠣᠳᠣᠬᠠᠨ ᠳᠤ ᠨᠢᠭᠡᠨᠲᠡ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠦᠵᠡᠮᠵᠢ ᠶᠢᠨ ᠣᠷᠣᠨ ᠤ ᠬᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ᠂ ᠲᠠᠷᠢᠶᠠᠯᠠᠩ ᠤᠨ ᠲᠣᠮᠣ ᠦᠵᠡᠮᠵᠢ ᠶᠢᠨ ᠬᠦᠷᠢᠶᠡᠯᠡᠩ᠂ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠵᠡᠭᠡᠯᠢ᠂ ᠤᠳᠤᠮᠰᠢᠯ ᠤᠨ ᠪᠤᠰᠤ ᠳᠠᠳᠬᠠᠯ ᠵᠡᠷᠭᠡ ᠠᠯᠢ ᠣᠯᠠᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ ᠵᠡᠷᠭᠡ ᠬᠡᠯᠪᠡᠷᠢ ᠪᠠᠷ ᠵᠤᠭᠠᠴᠠᠭᠰᠠᠳ ᠲᠤ ᠲᠣᠭᠲᠠᠬᠤ ᠰᠢᠶᠠᠨ ᠤ ᠲᠣᠰ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠮᠡᠳᠡᠯᠭᠡ ᠶᠢ ᠲᠠᠨᠢᠯᠴᠠᠭᠤᠯᠬᠤ ᠪᠠ ᠤᠯᠠᠮᠵᠢᠯᠠᠵᠤ᠂ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ ᠪᠠᠶᠢᠨ᠎ᠠ᠃      ᠣᠶᠢᠷ᠎ᠠ ᠶᠢᠨ ᠵᠢᠯ ᠳᠤ᠂ ᠲᠣᠭᠲᠠᠬᠤ ᠰᠢᠶᠠᠨ ᠬᠠᠲᠤᠨ ᠭᠤᠣᠯ ᠲᠠᠢ ᠣᠶᠢᠷᠠᠯᠴᠠᠭ᠎ᠠ ᠪᠠᠶᠢᠭ᠎ᠠ ᠱᠧᠨ ᠴᠢᠤᠸᠠᠨ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠦᠵᠦᠮ᠂ ᠯᠠᠵᠤᠤ᠂ ᠬᠠᠲᠤᠨ ᠭᠤᠣᠯ ᠤᠨ ᠮᠥᠷᠭᠦ ᠵᠢᠭᠠᠰᠤ ᠡᠯᠪᠡᠭ ᠭᠠᠷᠳᠠᠭ ᠲᠤ ᠲᠦᠰᠢᠭᠯᠡᠨ᠂ ᠲᠠᠷᠢᠶᠠᠴᠢᠨ ᠠᠶᠢᠯ ᠤᠨ ᠵᠤᠭᠠᠴᠠᠯ ᠤᠨ ᠦᠢᠯᠡᠰ ᠢ ᠶᠡᠭᠡ ᠪᠠᠷ ᠪᠣᠶᠢᠵᠢᠭᠤᠯᠤᠨ ᠬᠥᠭᠵᠢᠭᠦᠯᠬᠦ ᠶᠢᠨ ᠬᠠᠮᠲᠤ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠠᠭᠤᠰᠬᠠᠭᠰᠠᠨ ᠪᠠᠶᠢᠨ᠎ᠠ᠂ ᠲᠠᠷᠢᠶᠠᠴᠢᠨ ᠠᠶᠢᠯ ᠤᠨ ᠵᠤᠭᠠᠴᠠᠯ ᠤᠨ ᠢᠳᠡᠭᠡᠨ ᠤᠮᠳᠠᠭᠠᠨ ᠤ ᠭᠤᠣᠯᠳᠠᠯᠭ᠎ᠠ ᠲᠠᠢ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠲᠤᠭᠳᠠᠬᠤ ᠰᠢᠶᠠᠨ ᠤ ᠴᠢᠨᠠᠭᠰᠠᠨ ᠵᠢᠭᠠᠰᠤ᠂ ᠲᠤᠭᠳᠠᠬᠤ ᠰᠢᠶᠠᠨ ᠤ ᠱᠥᠯᠥ ᠲᠠᠢ ᠹᠧᠨᠲ᠋ᠢᠶᠤᠤᠷ᠂ ᠲᠤᠭᠳᠠᠬᠤ ᠰᠢᠶᠠᠨ ᠤ ᠳ᠋ᠧᠦᠹᠦ᠋ ᠵᠡᠷᠭᠡ ᠨᠢ ᠵᠤᠭᠠᠴᠠᠭᠰᠠᠳ ᠤᠨ ᠲᠠᠭᠠᠰᠢᠶᠠᠯ ᠢ ᠶᠡᠬᠡᠳᠡ ᠣᠯᠵᠤ ᠪᠠᠶᠢᠨ᠎ᠠ᠃ 2023 ᠣᠨ ᠤ 1 ︱ 10 ᠰᠠᠷ᠎ᠠ ᠳᠤ᠂ 67 ᠡᠷᠦᠬᠡ ᠲᠠᠷᠢᠶᠠᠴᠢᠨ ᠠᠶᠢᠯ ᠤᠨ ᠵᠤᠭᠠᠴᠠᠯ ᠵᠤᠭᠠᠴᠠᠭᠰᠠᠳ ᠢ ᠨᠡᠶᠢᠲᠡ 51.95 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ  ᠬᠢ ᠠᠴᠠ 103.7% ᠪᠠᠷ ᠨᠡᠮᠡᠭᠳᠡᠨ᠂ ᠵᠢᠭᠤᠯᠴᠢᠯᠠᠯ ᠤᠨ ᠣᠷᠣᠯᠭ᠎ᠠ 5589 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 96.1% ᠪᠠᠷ ᠨᠡᠮᠡᠭᠳᠡᠪᠡ᠃      ᠡᠨᠡ ᠵᠢᠯ᠂ ᠲᠣᠭᠲᠠᠬᠤ ᠰᠢᠶᠠᠨ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠭᠠᠵᠠᠷ ᠣᠷᠣᠨ ᠤ ᠣᠨᠴᠠᠯᠢᠭ ᠲᠠᠢ ᠤᠮᠠᠷᠠᠲᠤ ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠬᠦᠴᠦᠯᠡᠨ ᠪᠤᠶ ᠪᠣᠯᠭᠠᠵᠤ᠂ 600 ᠭᠠᠷᠤᠢ ᠵᠢᠯ ᠤᠨ ᠲᠡᠦᠬᠡ ᠲᠠᠢ ᠳ᠋ᠦᠩ ᠱᠧᠩ ᠸᠧᠢ ᠬᠤᠲᠠ ᠶᠢᠨ ᠬᠡᠷᠡᠮ ᠤᠨ ᠬᠤᠷᠮᠣᠢ ᠳᠤ ᠤᠮᠠᠷᠠᠲᠤ ᠬᠢᠯᠢ ᠶᠢᠨ ᠰᠣᠶᠣᠯ ᠤᠨ ᠤᠷᠲᠤ ᠬᠤᠩᠭᠢᠯ ᠪᠠᠶᠢᠭᠤᠯᠬᠤ ᠪᠠ ︽ᠲᠣᠭᠲᠠᠬᠤ ᠬᠠᠲᠤᠨ ᠭᠤᠣᠯ ᠤᠨ ᠵᠢᠭᠠᠰᠤᠨ ᠤ ᠪᠠᠶᠠᠷ︾ ︽ᠲᠣᠭᠲᠠᠬᠤ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠪᠠᠶᠠᠷ︾ ︽ᠲᠣᠭᠲᠠᠬᠤ ᠦᠵᠦᠮ ᠤᠨ ᠪᠠᠶᠠᠷ︾ ︽ᠬᠠᠲᠤᠨ ᠭᠤᠣᠯ ᠤᠨ ᠯᠤᠤᠲᠤ ᠣᠩᠭᠤᠴᠠᠨ ᠤ ᠤᠷᠤᠯᠳᠤᠭᠠᠨ︾ ᠵᠡᠷᠭᠡ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠣᠷᠣᠭᠤᠯᠤᠭᠰᠠᠨ ᠬᠤᠣᠰ ᠬᠡᠷᠡᠮᠲᠦ ᠶᠠᠩᠭᠠᠷ᠂ ᠲᠣᠭᠲᠠᠬᠤ ᠳᠠᠭᠤᠤ᠂ ᠾᠧᠢ ᠱᠦᠢ ᠴᠢᠤᠸᠠᠨ ᠱᠧᠦ ᠶᠠᠩ ᠬᠥ᠋᠂ ᠲᠣᠭᠲᠠᠬᠤ ᠰᠢᠶᠠᠨ ᠤ ᠴᠠᠭᠠᠰᠤᠨ ᠬᠠᠶᠢᠴᠢᠯᠠᠮᠠᠯ ᠵᠡᠷᠭᠡ ᠶᠢ ᠪᠠᠶᠠᠷ ᠳᠤᠷᠠᠰᠬᠠᠯ ᠤᠨ ᠡᠳᠦᠷ ᠢᠶᠠᠷ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠴᠢᠩᠭᠠᠷᠠᠭᠤᠯᠵᠤ᠂ ᠵᠤᠭᠠᠴᠠᠭᠰᠠᠳ ᠲᠤ ᠲᠠᠯ᠎ᠠ ᠨᠤᠲᠤᠭ ᠤᠨ ᠰᠣᠶᠣᠯ᠂ ᠬᠠᠲᠤᠨ ᠭᠤᠣᠯ ᠤᠨ ᠰᠣᠶᠣᠯ᠂ ᠲᠠᠷᠢᠶᠠᠯᠠᠬᠤ ᠰᠣᠶᠣᠯ ᠤᠨ ᠲᠣᠭᠲᠠᠬᠤ ᠭᠠᠵᠠᠷ ᠣᠷᠣᠨ ᠳᠠᠬᠢ ᠰᠣᠯᠢᠯᠴᠠᠭ᠎ᠠ ᠠᠭᠤᠰᠤᠯᠴᠠᠯ ᠢ ᠮᠡᠳᠡᠷᠡᠭᠦᠯᠵᠦ᠂ ᠣᠯᠠᠨ ᠲᠦᠮᠡᠨ ᠤ ᠰᠣᠶᠣᠯ ᠤᠨ ᠢᠲᠡᠭᠡᠯ ᠢ ᠨᠡᠮᠡᠭᠳᠡᠭᠦᠯᠦᠨ᠂ ᠲᠣᠭᠲᠠᠬᠤ ᠶᠢᠨ ᠨᠡᠷ᠎ᠡ ᠠᠯᠳᠠᠷᠰᠢᠯ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠪᠠ᠃      ︽ᠣᠳᠣᠬᠠᠨ ᠳᠤ᠂ ᠲᠣᠭᠲᠠᠬᠤ ᠰᠢᠶᠠᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 6᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 20᠂ ᠰᠢᠶᠠᠨ ᠤ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 3 ᠪᠠᠶᠢᠵᠤ᠂ ᠤᠳᠤᠮᠯᠠᠯ ᠤᠨ ᠪᠤᠰᠤ ᠪᠣᠯᠪᠠᠰᠤᠷᠠᠯ ᠤᠨ ᠲᠠᠯᠠᠪᠤᠷ 4᠂ ᠪᠣᠯᠪᠠᠰᠤᠷᠠᠯ ᠤᠨ ᠰᠠᠭᠤᠷᠢᠨ 3 ᠪᠣᠶ᠃ ᠲᠠᠷᠠᠭᠠᠴᠢ ᠶᠢᠨ ᠠᠯᠬᠤᠮ ᠳᠤ᠂ ᠪᠢᠳᠡ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭᠲᠦ ᠶᠢ ᠰᠠᠶᠢᠲᠤᠷ ᠬᠢᠬᠦ ᠲᠣᠭᠲᠠᠬᠤ ᠰᠢᠶᠠᠨ ᠳᠤ ᠬᠦᠴᠦ ᠣᠷᠣᠭᠤᠯᠤᠨ᠂ ᠰᠣᠶᠣᠯ ᠤᠨ ᠥᠪ ᠢ ︿ᠠᠮᠢᠳᠤᠯᠢᠭ﹀ ᠪᠣᠯᠭᠠᠵᠤ᠂ ᠰᠣᠶᠣᠯ ᠤᠨ ᠠᠵᠤ ᠦᠢᠯᠡᠰ ᠢ ︿ᠬᠥᠭᠵᠢᠭᠡᠨ ᠪᠠᠳᠠᠷᠠᠭᠤᠯᠵᠤ﹀᠂ ᠵᠢᠭᠤᠯᠴᠢᠯᠠᠯ ᠤᠨ ᠡᠬᠢ ᠪᠠᠶᠠᠯᠢᠭ ᠢ ︿ᠬᠥᠭᠵᠢᠭᠡᠨ ᠪᠠᠳᠠᠷᠠᠭᠤᠯᠵᠤ ﹀᠂ ᠣᠯᠠᠨ ᠲᠦᠮᠡᠨ ᠤ ᠬᠠᠷᠮᠠᠨ ᠢ ︿ᠬᠡᠩᠭᠡᠷᠭᠡᠨ﹀ ᠪᠣᠯᠭᠠᠵᠤ᠂ ᠲᠣᠭᠲᠠᠬᠤ ᠰᠢᠶᠠᠨ ᠤ ᠰᠣᠶᠣᠯ ᠤᠨ ᠷᠢᠳᠢ ᠰᠢᠳᠢ ᠶᠢ ᠭᠦᠢᠴᠡᠳ ᠪᠠᠳᠠᠷᠠᠭᠤᠯᠤᠨ᠎ᠠ︾ ᠭᠡᠵᠦ ᠲᠣᠭᠲᠠᠬᠤ ᠰᠢᠶᠠᠨ ᠤ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ ᠵᠣᠣ ᠶᠦᠩ ᠭᠤᠸᠠᠩ ᠬᠡᠯᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1