ᠶᠢᠨ ᠾᠧ ᠠᠮᠢᠳᠤ ᠪᠣᠳᠠᠰ᠄ ᠭᠤᠣᠯ ᠰᠡᠳᠦᠪᠲᠦ ᠰᠤᠷᠭᠠᠨ ᠬᠥᠮᠦᠵᠢᠯ ᠨᠢ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/11/28
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂  ᠶᠢᠨ ᠾᠧ ᠠᠮᠢᠳᠤ ᠪᠣᠳᠠᠰ ᠤᠨ ᠨᠠᠮ ᠤᠨ ᠬᠤᠷᠢᠶ᠎ᠠ ᠨᠠᠷᠢᠨ ᠬᠢᠨᠠᠮᠠᠭᠠᠢ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠠᠷᠢᠮᠵᠢᠶ᠎ᠠ ᠬᠦᠰᠦᠨᠦᠭᠲᠦ ᠶᠢ ᠬᠠᠷᠭᠤᠭᠤᠯᠵᠤ᠂ ᠺᠣᠮᠫᠠᠨᠢ ᠶᠢᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠤᠷᠢᠳᠠᠪᠠᠷ ᠰᠤᠷᠤᠯᠴᠠᠵᠤ ᠤᠷᠢᠳᠠᠪᠠᠷ ᠬᠢᠬᠦ ᠶᠢ ᠠᠬᠢᠭᠤᠯᠬᠤ᠂ ᠪᠠᠶᠢᠩᠭᠤ ᠶᠢᠨ ᠬᠤᠭᠤᠴᠠᠭ᠎ᠠ ᠪᠦᠲᠦᠮᠵᠢᠲᠡᠢ ᠪᠠᠶᠢᠬᠤ ᠶᠢ ᠪᠡᠶᠡᠯᠡᠭᠦᠯᠬᠦ ᠳᠡᠭᠡᠷ᠎ᠡ ᠬᠦᠴᠦ ᠲᠠᠯᠪᠢᠵᠠᠢ᠃
     ᠣᠶᠢᠷ᠎ᠠ ᠳᠤ᠂ ᠰᠤᠷᠪᠤᠯᠵᠢᠯᠠᠭᠴᠢ ᠲᠣᠭᠲᠠᠬᠤ ᠰᠢᠶᠠᠨ ᠤ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠲᠣᠭᠤᠷᠢᠭ ᠲᠤ ᠬᠦᠷᠴᠦ᠂ ᠦᠢᠯᠡᠳᠪᠦᠷᠢ ᠳᠤ ᠮᠠᠰᠢᠨ ᠶᠠᠭ ᠡᠮᠬᠢ ᠵᠠᠮᠪᠠᠷᠠᠭ᠎ᠠ ᠲᠠᠢ ᠪᠠᠷ ᠠᠵᠢᠯᠯᠠᠵᠤ ᠪᠠᠶᠢᠨ᠎ᠠ᠃ ᠲᠤᠷᠰᠢᠯᠲᠠ   ᠶᠢᠨ ᠲᠠᠰᠤᠭ ᠤᠨ ᠠᠵᠢᠯᠲᠠᠳ ᠲᠤᠷᠰᠢᠯᠲᠠ ᠶᠢᠨ ᠲᠤᠭ᠎ᠠ ᠪᠠᠷᠢᠮᠲᠠ ᠶᠢ ᠨᠠᠷᠢᠨ ᠬᠠᠷᠢᠴᠠᠭᠤᠯᠤᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ ᠪᠠᠶᠢᠨ᠎ᠠ᠂ ᠬᠢᠨᠠᠨ ᠡᠵᠡᠮᠳᠡᠬᠦ ᠲᠠᠰᠤᠭ ᠤᠨ ᠠᠵᠢᠯᠲᠠᠳ ᠡᠯ᠎ᠡ ᠵᠦᠢᠯ ᠤᠨ ᠲᠤᠭ᠎ᠠ ᠬᠡᠮᠵᠢᠭᠳᠡᠯ ᠢ ᠨᠢᠭᠲᠠ ᠠᠩᠬᠠᠷᠴᠤ ᠠᠶᠤᠯᠭᠦᠢ ᠦᠢᠯᠡᠳᠪᠦᠷᠢᠯᠡᠯ ᠢ ᠪᠠᠲᠤᠯᠠᠵᠤ ᠪᠠᠶᠢᠨ᠎ᠠ ᠭᠡᠵᠦ ᠦᠢᠯᠡᠳᠪᠦᠷᠢ ᠶᠢᠨ ᠲᠣᠭᠤᠷᠢᠭ ᠤᠨ ᠠᠵᠢᠯᠲᠠᠳ ᠰᠤᠷᠪᠤᠯᠵᠢᠯᠠᠭᠴᠢ ᠳᠤ ᠬᠡᠯᠡᠵᠡᠢ᠃ ᠭᠤᠣᠯ ᠰᠡᠳᠦᠪᠲᠦ ᠬᠥᠮᠦᠵᠢᠯ ᠳᠤ ᠣᠷᠣᠯᠴᠠᠬᠤ ᠪᠠᠷ ᠳᠠᠮᠵᠢᠭᠠᠳ ᠣᠯᠠᠨ ᠤ ᠠᠵᠢᠯ ᠤᠨ ᠢᠳᠡᠪᠬᠢᠵᠢᠯ ᠤᠯᠠᠮ ᠴᠢᠩᠭᠠᠷᠠᠵᠤ᠂ ᠬᠠᠷᠢᠭᠤᠴᠠᠯᠭᠠᠲᠤ ᠰᠡᠳᠬᠢᠯᠭᠡ ᠤᠯᠠᠮ ᠴᠢᠩᠭᠠᠷᠠᠵᠤ᠂ ᠠᠵᠢᠯ ᠤᠨ ᠠᠭᠤᠷ ᠠᠮᠢᠰᠬᠤᠯ ᠴᠤ ᠤᠯᠠᠮ ᠡᠶ᠎ᠡ ᠨᠠᠶᠢᠷᠲᠠᠢ ᠪᠣᠯᠵᠠᠢ᠃
      ᠶᠢᠨ ᠾᠧ ᠠᠮᠢᠳᠤ ᠪᠣᠳᠠᠰ ᠤᠨ ᠨᠠᠮ ᠤᠨ ᠬᠤᠷᠢᠶ᠎ᠠ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠤᠷᠢᠳᠴᠢᠯᠠᠨ ᠲᠥᠯᠥᠪᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠡᠷᠡ ᠳᠠᠷᠤᠢ ᠳᠤᠨᠢ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠵᠤ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠬᠤ᠂ ᠲᠤᠰᠬᠠᠢ ᠰᠡᠳᠦᠪᠲᠦ ᠪᠣᠯᠪᠠᠰᠤᠷᠠᠯ ᠢᠶᠠᠷ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠵᠤ ᠪᠠᠶᠢᠩᠭᠤ ᠰᠤᠷᠤᠯᠴᠠᠬᠤ᠂ ᠬᠤᠪᠢ ᠬᠥᠮᠥᠨ ᠰᠢᠷᠭᠠᠭᠤ ᠰᠤᠷᠤᠯᠴᠠᠵᠤ ᠥᠪᠡᠰᠦᠪᠡᠨ ᠰᠤᠷᠤᠯᠴᠠᠬᠤ ᠵᠡᠷᠭᠡ ᠰᠤᠷᠤᠯᠴᠠᠬᠤ ᠵᠠᠭᠪᠤᠷ ᠢ ᠪᠠᠶᠢᠭᠤᠯᠵᠤ᠂ ᠨᠠᠮ ᠤᠨ ᠬᠤᠷᠢᠶᠠᠨ ᠤ ᠱᠦᠵᠢ ᠨᠠᠮ ᠤᠨ ᠬᠢᠴᠢᠶᠡᠯ ᠣᠷᠣᠬᠤ᠂ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠬᠤ᠂ ᠰᠢᠯᠢᠳᠡᠭ ᠡᠪ ᠬᠠᠮᠲᠤ ᠨᠠᠮ ᠤᠨ ᠭᠡᠰᠢᠭᠦᠨ ᠨᠠᠮ ᠤᠨ ᠬᠢᠴᠢᠶᠡᠯ ᠵᠢᠭᠠᠬᠤ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠭᠦᠯᠬᠦ ᠶᠢ ᠪᠠᠲᠤᠯᠠᠵᠠᠢ᠃ ᠨᠠᠮ ᠤᠨ ᠬᠤᠷᠢᠶᠠᠨ ᠤ ᠬᠠᠷᠢᠶᠠᠨ ᠳᠠᠬᠢ 13 ᠨᠠᠮ ᠤᠨ ᠡᠭᠦᠷ ᠨᠢᠭᠡ ᠴᠣᠭᠴᠠ ᠪᠠᠷ ᠢᠶᠠᠨ ᠰᠤᠷᠤᠯᠴᠠᠯᠭ᠎ᠠ ᠪᠠᠨ ᠠᠬᠢᠭᠤᠯᠵᠤ᠂ ᠤᠷᠢᠳᠠᠪᠠᠷ ᠪᠡᠯᠡᠳᠬᠡᠬᠦ ᠶᠢ ᠰᠠᠶᠢᠲᠤᠷ ᠬᠢᠵᠦ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ ᠲᠣᠪᠴᠢᠯᠠᠯ︾ ᠵᠡᠷᠭᠡ ᠭᠤᠣᠯᠳᠠᠯᠭ᠎ᠠ ᠲᠠᠢ ᠨᠣᠮ ᠤᠨ ᠭᠠᠷᠴᠠᠭ ᠢ ᠰᠤᠷᠤᠯᠴᠠᠯᠭ᠎ᠠ ᠶᠢᠨ ᠨᠠᠷᠢᠨ ᠲᠠᠩᠰᠠ ᠶᠢᠨ ︽ᠬᠠᠮᠤᠭ ᠤᠨ ᠴᠢᠬᠤᠯᠠ ᠨᠥᠬᠦᠴᠡᠯ︾ ᠳᠤ ᠣᠷᠣᠭᠤᠯᠬᠤ ᠶᠢᠨ ᠬᠠᠮᠲᠤ ᠨᠠᠮ ᠤᠨ ᠡᠭᠦᠷ ᠢᠶᠠᠷ ᠨᠢᠭᠡᠴᠡ ᠪᠣᠯᠭᠠᠨ ᠨᠣᠮ ᠪᠢᠴᠢᠭ ᠣᠯᠭᠤᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ ᠤᠨ ᠭᠡᠰᠢᠭᠦᠨ ᠢ ᠪᠠᠶᠢᠭ᠎ᠠ ᠨᠠᠮ ᠤᠨ ᠡᠭᠦᠷ ᠠᠴᠠ ᠬᠠᠷᠢᠭᠤᠴᠠᠨ ᠰᠤᠷᠤᠯᠭ᠎ᠠ ᠶᠢ ᠨᠢ ᠭᠡᠷ ᠲᠤᠨᠢ ᠬᠦᠷᠭᠡᠵᠦ᠂ ᠰᠤᠷᠤᠯᠴᠠᠬᠤ ᠠᠭᠤᠯᠭ᠎ᠠ ᠶᠢ ᠪᠦᠬᠦᠨ ᠢ ᠬᠠᠮᠤᠷᠴᠤ᠂ ᠰᠤᠷᠤᠯᠴᠠᠬᠤ ᠡᠲᠡᠭᠡᠳ ᠢ ᠪᠦᠬᠦᠨ ᠢ ᠬᠠᠮᠤᠷᠬᠤ ᠶᠢ  ᠪᠠᠳᠤᠯᠠᠪᠠ᠃
     ︽ ᠶᠢᠨ ᠾᠧ ᠠᠮᠢᠳᠤ ᠪᠣᠳᠠᠰ ᠤᠨ ᠨᠠᠮ ᠤᠨ ᠬᠤᠷᠢᠶ᠎ᠠ ᠠᠵᠤ ᠠᠬᠤᠶᠢᠯᠠᠯ ᠤᠨ ᠲᠤᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠵᠦ᠂ ᠭᠤᠣᠯ ᠰᠡᠳᠦᠪᠲᠦ ᠬᠥᠮᠦᠵᠢᠯ ᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠪᠠᠶᠢᠳᠠᠯ᠂ ᠠᠵᠤ ᠠᠬᠤᠶᠢᠯᠠᠯ ᠤᠨ ᠰᠣᠶᠣᠯ ᠤᠨ ᠪᠠᠶᠢᠭᠤᠯᠤᠯᠲᠠ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠢᠲᠡᠭᠡᠯ ᠬᠦᠨᠳᠦ᠂ ᠬᠠᠶᠢᠷ᠎ᠠ ᠰᠡᠳᠬᠢᠯᠭᠡ᠂ ᠬᠤᠪᠢ ᠨᠡᠮᠡᠷᠢ ᠦᠵᠡᠭᠦᠯᠬᠦ᠂ ᠰᠢᠨ᠎ᠡ ᠶᠢ ᠡᠭᠦᠳᠬᠦ ᠠᠵᠤ ᠠᠬᠤᠶᠢᠯᠠᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠣᠯᠣᠨ ᠦᠢᠯᠡᠳᠪᠦᠷᠢᠯᠡᠯ ᠡᠵᠡᠩᠨᠡᠯᠲᠡ ᠶᠢ ᠠᠭᠤᠰᠤᠯᠴᠠᠭᠤᠯᠤᠨ ᠬᠠᠮᠢᠶᠠᠷᠬᠤ ᠰᠢᠨ᠎ᠡ ᠠᠷᠭ᠎ᠠ ᠵᠠᠮ ᠢ ᠰᠦᠪᠡᠭᠴᠢᠯᠡᠬᠦ ᠶᠢᠨ ᠬᠠᠮᠲᠤ ᠦᠢᠯᠡᠳᠦᠯᠭᠡᠵᠢᠭᠦᠯᠵᠦ᠂ ᠨᠠᠮ ᠤᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠢ ᠨᠠᠮ ᠪᠣᠯᠣᠨ ᠵᠠᠰᠠᠭ ᠤᠨ ᠣᠷᠳᠣᠨ ᠤ ᠬᠦᠰᠡᠵᠦ ᠪᠠᠶᠢᠭ᠎ᠠ ᠨᠡᠶᠢᠭᠡᠮ ᠤᠨ ᠬᠦᠷᠢᠶᠡᠯᠡᠯ ᠲᠠᠢ᠂ ᠪᠡᠯᠡ ᠣᠷᠣᠭᠤᠯᠤᠭᠴᠢᠳ ᠤᠨ ᠰᠡᠳᠬᠢᠯ ᠬᠠᠨᠤᠮᠵᠢᠲᠠᠢ ᠠᠵᠢᠯᠲᠠᠨ ᠠᠵᠢᠯᠴᠢᠨ ᠤ ᠢᠳᠡᠪᠬᠢᠲᠡᠢ ᠪᠠᠷ ᠤᠷᠤᠭᠰᠢᠯᠠᠨ ᠲᠠᠪᠰᠢᠬᠰᠠᠨ ᠡᠷᠡᠭᠦᠯ ᠠᠵᠤ ᠠᠬᠤᠶᠢᠯᠠᠯ ᠪᠣᠯᠭᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ︾ ᠭᠡᠵᠦ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠬᠡᠯᠡᠪᠡ᠃
     ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠣᠨ ᠤ ᠭᠤᠣᠯᠳᠠᠯᠭ᠎ᠠ ᠲᠠᠢ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠬᠠᠷᠢᠯᠴᠠᠨ ᠬᠠᠮᠵᠢᠯᠴᠠᠬᠤ ᠶᠢ ᠴᠢᠩᠭᠠᠳᠬᠠᠵᠤ᠂ ᠦᠢᠯᠡᠳᠪᠦᠷᠢᠯᠡᠯ᠂ ᠠᠮᠤᠷ ᠲᠦᠪᠰᠢᠨ ᠵᠡᠷᠭᠡ ᠲᠠᠯ᠎ᠠ ᠶᠢᠨ ᠬᠠᠯᠠᠭᠤᠨ ᠴᠡᠭ ᠤᠨ ᠬᠦᠴᠢᠷ ᠠᠰᠠᠭᠤᠳᠠᠯ ᠪᠠ ᠠᠶᠤᠯ ᠲᠦᠭᠰᠢᠭᠦᠷᠢ ᠶᠢᠨ ᠲᠠᠯᠳᠠ ᠭᠡᠮ ᠤᠨ ᠠᠰᠠᠭᠤᠳᠠᠯ ᠲᠠᠢ ᠤᠶᠠᠯᠳᠤᠭᠤᠯᠤᠨ᠂ ᠳᠣᠣᠷ᠎ᠠ ᠠᠴᠠ ᠳᠡᠭᠡᠭᠰᠢ ᠺᠠᠳ᠋ᠷ ᠠᠵᠢᠯᠲᠠᠨ ᠠᠵᠢᠯᠴᠢᠨ ᠤ ᠰᠠᠨᠠᠯ ᠢ ᠥᠷᠭᠡᠨ ᠢᠶᠠᠷ ᠰᠣᠨᠣᠰᠬᠤ ᠪᠠ ᠬᠤᠷᠢᠶᠠᠵᠤ᠂ ᠬᠥᠮᠥᠨ ᠪᠦᠬᠦᠨ ᠬᠥᠭᠵᠢᠯᠲᠡ ᠶᠢ ᠡᠷᠢᠯᠬᠢᠯᠡᠬᠦ᠂ ᠬᠥᠮᠥᠨ ᠪᠦᠬᠦᠨ ᠰᠠᠶᠢᠨ ᠠᠷᠭ᠎ᠠ ᠪᠣᠳᠣᠯᠭ᠎ᠠ ᠭᠠᠷᠭᠠᠬᠤ ᠶᠢ ᠲᠦᠯᠬᠢᠨ ᠠᠬᠢᠭᠤᠯᠵᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠪᠠ᠃ ︽ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠵᠤ᠂ ᠮᠠᠨ ᠤ ᠨᠠᠮ ᠤᠨ ᠭᠡᠰᠢᠭᠦᠨ ᠤ ᠦᠵᠡᠯ ᠰᠠᠨᠠᠭ᠎ᠠ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠤᠨ ᠳᠤᠮᠳᠠ ᠪᠠᠨ ᠪᠢᠳᠡ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠡᠢ︾ ᠭᠡᠵᠦ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠣᠯᠣᠳᠤᠭᠠᠷ ᠨᠠᠮ ᠤᠨ ᠡᠭᠦᠷ ᠤᠨ ᠨᠠᠮ ᠤᠨ ᠠᠵᠢᠯ ᠤᠨ ᠠᠵᠢᠯᠲᠠᠨ ᠵᠠᠩ ᠴᠠᠩ ᠳᠤ ᠬᠡᠯᠡᠪᠡ᠃      ᠳᠠᠷᠠᠭᠠᠴᠢ ᠶᠢᠨ ᠠᠯᠬᠤᠮ ᠳᠤ᠂ ᠶᠢᠨ ᠾᠧ ᠠᠮᠢᠳᠤ ᠪᠣᠳᠠᠰ ᠤᠨ ᠨᠠᠮ ᠤᠨ ᠬᠤᠷᠢᠶ᠎ᠠ ᠦᠵᠡᠯ ᠰᠠᠨᠠᠭ᠎ᠠ ᠪᠠᠨ ᠴᠢᠩᠭᠠᠳᠬᠠᠬᠤ ᠪᠠᠷ ᠤᠳᠤᠷᠢᠳᠤᠮᠵᠢ ᠪᠣᠯᠭᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠲᠤᠤᠱᠯᠠᠭᠤᠯᠬᠤ ᠶᠢ ᠪᠠᠷᠢᠮᠲᠠᠯᠠᠵᠤ᠂ ᠮᠡᠳᠡᠬᠦᠢ ᠢᠲᠡᠭᠡᠬᠦᠢ ᠶᠢ ᠨᠢᠭᠡᠳᠬᠡᠨ᠎ᠡ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠬᠦ ᠪᠠᠷ ᠭᠤᠣᠯᠳᠠᠯᠭ᠎ᠠ ᠪᠣᠯᠭᠠᠵᠤ᠂ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠺᠣᠮᠫᠠᠨᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠶᠢ ᠬᠥᠲᠥᠯᠥᠨ ᠳᠠᠭᠠᠭᠤᠯᠵᠤ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠬᠦᠴᠦᠯᠡᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠳᠠᠰᠤᠷᠠᠯᠳᠠ ᠦᠭᠡᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠰᠦᠯᠵᠢᠶ᠎ᠡ ᠶᠢ ᠳᠠᠰᠤᠷᠠᠯᠳᠠ ᠦᠭᠡᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠ ᠲᠤᠭᠳᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠠᠷᠢᠭᠤᠴᠠᠯᠭ᠎ᠠ ᠪᠠᠨ ᠭᠦᠢᠴᠡᠳᠬᠡᠵᠦ ᠦᠢᠯᠡᠳᠦᠯᠭᠡᠵᠢᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1