ᠲᠣᠭᠲᠠᠬᠤ ᠰᠢᠶᠠᠨ ᠤ ᠲᠠᠪᠢᠨ ᠭᠡᠷ ᠪᠠᠯᠭᠠᠰᠤ᠄ ᠬᠥᠭᠦᠷᠭᠡ ᠵᠠᠰᠠᠵᠤ ᠠᠷᠠᠳ ᠤᠨ ᠵᠣᠪᠠᠨᠢᠯ ᠢ ᠠᠷᠢᠯᠭᠠᠵᠤ ᠠᠷᠠᠳ ᠤᠨ ᠰᠡᠳᠬᠢᠯ ᠲᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/11/28
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ ᠲᠠᠪᠢᠨ ᠭᠡᠷ ᠪᠠᠯᠭᠠᠰᠤ ᠪᠣᠳᠠᠲᠠᠢ ᠳᠤ ᠰᠠᠭᠤᠷᠢᠯᠠᠵᠤ᠂ ᠤᠯᠠᠨ ᠲᠦᠮᠡᠨ ᠤ ᠪᠠᠴᠢᠮ ᠬᠦᠴᠢᠷᠲᠡᠢ ᠵᠣᠪᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠭᠠᠷᠤᠭ᠎ᠠ ᠪᠣᠯᠭᠠᠵᠤ᠂ ᠤᠯᠠᠨ ᠲᠦᠮᠡᠨ ᠤ ᠬᠦᠴᠢᠷ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠪᠠᠷ ᠪᠦᠲᠦᠭᠡᠵᠡᠢ᠃      ᠰᠢᠨ ᠾᠧ ᠲᠣᠰᠬᠤᠨ ᠤ 1994 ᠣᠨ ᠳᠤ ᠪᠠᠶᠢᠭᠤᠯᠤᠭᠰᠠᠨ ᠶᠡᠭᠡ ᠬᠥᠭᠦᠷᠭᠡ ᠨᠢ ᠵᠢᠯ ᠲᠤᠷᠰᠢ ᠭᠤᠣᠯ ᠤᠨ ᠤᠰᠤᠨ ᠤ ᠤᠷᠤᠰᠬᠠᠭᠳᠠᠯ ᠠᠴᠠ ᠪᠣᠯᠵᠤ᠂ ᠣᠶᠢᠷ᠎ᠠ ᠶᠢᠨ ᠬᠤᠭᠤᠴᠠᠭᠠᠨ ᠳᠤ ᠨᠤᠷᠠᠯᠲᠠ ᠭᠠᠷᠴᠤ᠂ ᠲᠣᠰᠬᠤᠨ ᠤ ᠠᠷᠠᠳ ᠤᠨ ᠶᠠᠪᠤᠵᠤ ᠰᠠᠭᠤᠬᠤ ᠪᠠ ᠠᠮᠤᠷ ᠲᠦᠪᠰᠢᠨ ᠢ ᠬᠦᠨᠳᠦ ᠨᠣᠴᠢᠲᠠᠢ ᠨᠦᠯᠦᠭᠡᠯᠡᠪᠡ᠂ ᠲᠣᠰᠬᠤᠨ ᠤ ᠨᠠᠮ ᠤᠨ ᠡᠭᠦᠷ ᠤᠨ ᠱᠦᠵᠢ ᠣᠯᠵᠤ ᠮᠡᠳᠡᠭᠰᠡᠨ ᠤ ᠳᠠᠷᠠᠭ᠎ᠠ ᠲᠡᠷᠡ ᠳᠠᠷᠤᠢ ᠳᠤᠨᠢ ᠪᠠᠯᠭᠠᠰᠤᠨ ᠤ ᠲᠣᠰᠬᠤᠨ ᠳᠤ ᠰᠠᠭᠤᠭ᠎ᠠ ᠤᠳᠤᠷᠢᠳᠤᠯᠭ᠎ᠠ ᠲᠠᠢ ᠬᠠᠷᠢᠯᠴᠠᠵᠤ᠂ ᠲᠠᠪᠢᠨ ᠭᠡᠷ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠴᠠᠭ ᠲᠤᠬᠠᠢ ᠳᠤᠨᠢ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ ᠲᠠᠢ ᠵᠣᠯᠭᠠᠭᠤᠯᠵᠤ᠂ ᠵᠠᠮ ᠬᠠᠷᠢᠯᠴᠠᠭᠠᠨ ᠤ ᠲᠣᠪᠴᠢᠶ᠎ᠠ ᠶᠢᠨ ᠲᠤᠬᠠᠢ ᠶᠢᠨ ᠭᠠᠵᠠᠷ ᠲᠤᠨᠢ ᠬᠠᠶᠢᠨ ᠬᠡᠮᠵᠢᠵᠦ ᠬᠥᠭᠦᠷᠭᠡ ᠵᠠᠰᠠᠬᠤ ᠲᠥᠰᠥᠯ ᠭᠠᠷᠭᠠᠭᠰᠠᠨ ᠤ ᠳᠠᠷᠠᠭ᠎ᠠ ᠳᠠᠷᠤᠢ ᠲᠦᠷᠭᠡᠨ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠬᠥᠭᠦᠷᠭᠡ ᠶᠢ ᠰᠡᠯᠪᠢᠨ ᠵᠠᠰᠠᠬᠤ ᠠᠵᠢᠯ ᠢ ᠪᠡᠶᠡᠯᠡᠭᠦᠯᠪᠡ᠃      ᠶᠡᠭᠡ ᠬᠥᠭᠦᠷᠭᠡ ᠶᠢ ᠰᠡᠯᠪᠢᠨ ᠵᠠᠰᠠᠭᠰᠠᠨ ᠨᠢ ᠰᠢᠨ ᠾᠧ ᠲᠣᠰᠬᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠦᠨᠡᠨᠬᠦ ᠠᠷᠢᠯᠭᠠᠵᠤ᠂ ᠲᠣᠰᠬᠤᠨ ᠤ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠤ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠷᠠᠳ ᠤᠨ ᠰᠡᠳᠬᠢᠯ ᠢ ᠬᠤᠯᠪᠣᠨ ᠨᠡᠪᠲᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠤᠯᠠᠨ ᠲᠦᠮᠡᠨ ᠪᠣᠯᠣᠨ ᠨᠠᠮ ᠤᠨ ᠭᠡᠰᠢᠭᠦᠨ ᠺᠠᠳ᠋ᠷᠴᠤᠳ ᠤᠨ ᠬᠤᠭᠤᠷᠣᠨᠳᠤ ︽ᠬᠤᠯᠪᠣᠯᠳᠤᠭᠰᠠᠨ ᠬᠥᠭᠦᠷᠭᠡ︾ ᠪᠣᠰᠬᠠᠵᠠᠢ᠃       ᠳᠠᠷᠠᠭᠠᠴᠢ ᠶᠢᠨ ᠠᠯᠬᠤᠮ ᠳᠤ᠂ ᠲᠠᠪᠢᠨ ᠭᠡᠷ ᠪᠠᠯᠭᠠᠰᠤ ᠶᠢᠨ ᠬᠢᠨ ᠤᠯᠠᠨ ᠲᠦᠮᠡᠨ ᠳᠤ ᠦᠷᠭᠦᠯᠵᠢᠯᠡᠨ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠦᠢᠯᠡᠴᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠢ ᠪᠠᠷ ᠬᠠᠷᠢᠭᠤᠯᠵᠤ᠂ ᠪᠠᠴᠢᠮ ᠲᠤᠯᠭᠠᠮ᠎ᠠ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠤᠯᠠᠨ ᠲᠦᠮᠡᠨ ᠤ ︽ᠳᠣᠲᠣᠨᠣ ᠬᠥᠮᠥᠨ︾ ᠪᠣᠯᠬᠤ ᠪᠠᠷ ᠴᠢᠷᠮᠠᠶᠢᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠦᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1