ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/11/29
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠭᠡᠷ ᠤᠨ ᠠᠬᠠᠮᠠᠳ ᠢ ᠬᠠᠪᠰᠤᠷᠤᠨ ᠬᠠᠤᠯᠢ ᠶᠣᠰᠣᠭᠠᠷ ᠬᠡᠦᠬᠡᠳ ᠢᠶᠠᠨ ᠳᠠᠭᠠᠭᠤᠯᠵᠤ᠂ ᠰᠢᠨᠵᠢᠯᠡᠬᠦ ᠤᠬᠠᠭᠠᠨᠴᠢ ᠪᠠᠷ ᠬᠡᠦᠬᠡᠳ ᠢᠶᠠᠨ ᠰᠤᠷᠭᠠᠬᠤ ᠶᠢᠨ ᠲᠥᠯᠥᠭᠡ᠂ ᠲᠣᠭᠲᠠᠬᠤ ᠰᠢᠶᠠᠨ ᠤ ᠭᠡᠷ ᠤᠨ ᠠᠬᠠᠮᠠᠳ ᠤᠨ ᠰᠤᠷᠭᠠᠭᠤᠯᠢ ᠬᠠᠤᠯᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 1100 ᠭᠠᠷᠤᠢ ᠭᠡᠷ ᠤᠨ ᠠᠬᠠᠮᠠᠳ ᠲᠠᠶᠢᠯᠤᠮᠵᠢ ᠳᠤ ᠣᠷᠣᠯᠴᠠᠵᠠᠢ᠃      11 ᠳ᠋ᠤᠭᠡᠷ ᠰᠠᠷ᠎ᠠ ᠶᠢᠨ 16  ᠤ ᠦᠳᠡ ᠶᠢᠨ ᠬᠤᠶᠢᠨ᠎ᠠ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠷᠠᠭᠯᠵᠠᠬᠤ ᠵᠥᠪᠯᠡᠯ ᠤᠨ ᠭᠡᠷ ᠪᠦᠯᠢ ᠶᠢᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠯᠧᠺᠲ᠋ᠣᠷ ᠯᠢᠦ ᠹᠧᠢ ᠨᠠᠨᠫᠢᠩ ᠨᠡᠶᠢᠭᠡᠮ ᠲᠣᠭᠤᠷᠢᠭ ᠲᠤ ᠨᠡᠶᠢᠭᠡᠮ ᠲᠣᠭᠤᠷᠢᠭ ᠤᠨ ᠠᠵᠢᠯᠲᠠᠨ ᠵᠢᠴᠢ ᠬᠡᠰᠡᠭ ᠭᠡᠷ ᠤᠨ ᠠᠬᠠᠮᠠᠳ ᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠡᠢ᠃ ᠲᠠᠶᠢᠯᠤᠮᠵᠢ ᠳᠤ᠂ ᠯᠢᠦ ᠪᠠᠭᠰᠢ ᠭᠡᠷ ᠤᠨ ᠠᠬᠠᠮᠠᠳ ᠲᠤ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠠᠬᠤᠢ ᠪᠠᠶᠢᠳᠠᠯ ᠵᠢᠴᠢ ᠭᠡᠷ ᠪᠦᠯᠢ ᠶᠢᠨ ᠬᠥᠮᠦᠵᠢᠯ ᠤᠨ ᠴᠢᠬᠤᠯᠠ ᠴᠢᠨᠠᠷ ᠢ ᠲᠣᠳᠣᠷᠬᠠᠶᠢᠯᠠᠨ ᠥᠭᠦᠯᠡᠵᠦ᠂ ᠪᠣᠳᠠᠲᠠᠢ ᠵᠢᠱᠢᠶ᠎ᠡ ᠲᠠᠢ ᠤᠶᠠᠯᠳᠤᠭᠤᠯᠤᠨ᠂ ᠭᠡᠷ ᠪᠦᠯᠢ ᠶᠢᠨ ᠬᠠᠷᠢᠭᠤᠴᠠᠯᠭ᠎ᠠ ᠶᠢᠨ ᠳᠤᠮᠳᠠ ᠭᠡᠷ ᠤᠨ ᠠᠬᠠᠮᠠᠳ ᠬᠡᠦᠬᠡᠳ ᠢᠶᠠᠨ ᠬᠡᠷᠬᠢᠨ ᠵᠥᠪ ᠣᠨᠣᠪᠴᠢᠲᠠᠶ ᠰᠤᠷᠭᠠᠨ ᠬᠥᠮᠥᠵᠢᠭᠦᠯᠬᠦ ᠲᠤᠬᠠᠢ ᠭᠤᠣᠯᠳᠠᠯᠭ᠎ᠠ ᠲᠠᠢ ᠲᠠᠶᠢᠯᠪᠤᠷᠢᠯᠠᠨ ᠥᠭᠴᠦ᠂ ᠭᠡᠷ ᠤᠨ ᠠᠬᠠᠮᠠᠳ ᠲᠤ ᠬᠡᠦᠬᠡᠳ ᠢᠶᠠᠨ ᠰᠤᠷᠭᠠᠨ ᠬᠥᠮᠥᠵᠢᠭᠦᠯᠬᠦ ᠪᠣᠯ ᠵᠢᠷᠤᠮᠯᠠᠬᠤ ᠬᠠᠤᠯᠢ ᠲᠠᠢ᠂ ᠭᠡᠷ ᠤᠨ ᠠᠬᠠᠮᠠᠳ ᠤᠨ ᠲᠠᠰᠤᠷᠠᠯᠲᠠ ᠦᠭᠡᠢ ᠰᠤᠷᠤᠯᠴᠠᠵᠤ ᠦᠰᠦᠨ ᠪᠣᠶᠢᠵᠢᠬᠤ ᠴᠢᠬᠤᠯᠠᠲᠠᠢ ᠭᠡᠳᠡᠭ ᠢ ᠣᠶᠢᠯᠠᠭᠠᠭᠤᠯᠪᠠ᠃      11 ᠳ᠋ᠤᠭᠡᠷ ᠰᠠᠷ᠎ᠠ ᠶᠢᠨ 17 ᠤ ᠦᠳᠡ ᠶᠢᠨ ᠬᠤᠶᠢᠨ᠎ᠠ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠯᠧᠺᠲ᠋ᠣᠷ ᠤᠨ ᠪᠦᠯᠬᠦᠮ ᠤᠨ ᠯᠧᠺᠲ᠋ᠣᠷ ᠵᠠᠩ ᠹᠧᠢ ᠰᠢᠶᠠ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠶᠣᠰᠣᠯᠠᠯ ᠤᠨ ᠲᠠᠩᠬᠢᠮ ᠳᠤ ︽ᠭᠡᠷ ᠤᠨ ᠠᠬᠠᠮᠠᠳ ᠭᠡᠷ ᠪᠦᠯᠢ ᠶᠢᠨ ᠰᠤᠷᠭᠠᠨ ᠬᠥᠮᠦᠵᠢᠯ ᠤᠨ ᠬᠠᠷᠢᠭᠤᠴᠠᠯᠭ᠎ᠠ ᠪᠠᠨ ᠬᠡᠷᠬᠢᠨ ᠡᠭᠦᠷᠭᠡᠯᠡᠬᠦ ᠪᠤᠢ︖︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠪᠡ᠃ ᠵᠠᠩ ᠪᠠᠭᠰᠢ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠬᠤᠶᠠᠳᠤᠭᠠᠷ ᠪᠦᠯᠦᠭ ᠤᠨ ᠭᠡᠷ ᠪᠦᠯᠢ ᠶᠢᠨ ᠬᠠᠷᠢᠭᠤᠴᠠᠯᠭ᠎ᠠ ᠪᠠᠷ ᠭᠤᠣᠯ ᠰᠢᠵᠢᠮ ᠪᠣᠯᠭᠠᠵᠤ᠂ ᠭᠡᠷ ᠤᠨ ᠠᠬᠠᠮᠠᠳ ᠬᠡᠦᠬᠡᠳ ᠢᠶᠠᠨ ᠰᠤᠷᠭᠠᠨ ᠬᠥᠮᠥᠵᠢᠭᠦᠯᠬᠦ ᠳᠡᠭᠡᠨ ᠳᠣᠯᠣᠭᠠᠨ ᠤᠬᠠᠮᠰᠠᠷ ᠲᠠᠢ ᠪᠠᠶᠢᠬᠤ ᠬᠡᠷᠡᠭᠲᠡᠢ ᠭᠡᠳᠡᠭ ᠢ ᠬᠤᠷᠢᠶᠠᠩᠭᠤᠶᠢᠯᠠᠨ ᠳ᠋ᠦᠩᠨᠡᠭᠰᠡᠨ ᠪᠥᠭᠡᠳ ᠭᠡᠷ ᠤᠨ ᠠᠬᠠᠮᠠᠳ ᠲᠤ ᠬᠡᠦᠬᠡᠳ ᠢᠶᠠᠨ ᠰᠤᠷᠭᠠᠨ ᠬᠥᠮᠥᠵᠢᠭᠦᠯᠬᠦ ᠶᠢᠨ ᠬᠠᠮᠲᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠠᠮᠤᠭ ᠤᠨ ᠦᠨᠳᠦᠰᠦᠨ ᠰᠡᠳᠬᠢᠴᠡ ᠶᠢᠨ ᠱᠠᠭᠠᠷᠳᠠᠯᠭ᠎ᠠ ᠵᠢᠴᠢ ᠭᠡᠷ ᠤᠨ ᠠᠬᠠᠮᠠᠳ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠡᠦᠬᠡᠳ ᠲᠠᠢ ᠪᠠᠨ ᠬᠡᠷᠬᠢᠨ ᠶᠠᠷᠢᠯᠴᠠᠪᠠᠯ ᠵᠣᠬᠢᠬᠤ ᠶᠢ ᠵᠢᠭᠰᠠᠭᠠᠨ ᠲᠣᠭᠠᠴᠢᠵᠤ᠂ ᠲᠠᠶᠢᠯᠤᠮᠵᠢ ᠶᠢᠨ ᠠᠭᠤᠯᠭ᠎ᠠ ᠨᠢ ᠭᠡᠷ ᠤᠨ ᠠᠬᠠᠮᠠᠳ ᠲᠤ ᠶᠡᠭᠡ ᠠᠰᠢᠭ ᠬᠦᠷᠲᠡᠭᠡᠭᠰᠡᠨ ᠪᠠᠶᠢᠨ᠎ᠠ᠃      11 ᠳ᠋ᠤᠭᠡᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂  ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠯᠧᠺᠲ᠋ᠣᠷ ᠤᠨ ᠪᠦᠯᠬᠦᠮ ᠤᠨ ᠯᠧᠺᠲ᠋ᠣᠷ ᠯᠢᠦ ᠵᠢᠶᠦ᠋ᠨ ᠹᠧᠩ ᠪᠠᠭᠰᠢ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ︽ᠬᠠᠤᠯᠢ ᠶᠢ ᠭᠡᠷ ᠲᠤᠨᠢ ᠬᠦᠷᠭᠡᠵᠦ ᠬᠡᠦᠬᠡᠳ ᠢᠶᠠᠨ ᠡᠷᠡᠭᠦᠯ ᠢᠶᠠᠷ ᠥᠰᠬᠡᠨ ᠪᠣᠶᠢᠵᠢᠭᠤᠯᠤᠶ᠎ᠠ︾ ᠭᠡᠬᠦ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠯᠢᠦ ᠵᠢᠶᠦ᠋ᠨ ᠹᠧᠩ ᠪᠠᠭᠰᠢ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠲᠣᠭᠤᠷᠢᠨ ᠳᠤ᠂ ᠠᠮᠢᠳᠤᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠡᠷ ᠪᠦᠯᠢ ᠶᠢᠨ ᠬᠥᠮᠦᠵᠢᠯ᠂ ᠭᠡᠷ ᠪᠦᠯᠢ ᠶᠢᠨ ᠬᠥᠮᠦᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠭᠡᠷ ᠪᠦᠯᠢ ᠶᠢᠨ ᠬᠥᠮᠦᠵᠢᠯ ᠤᠨ ᠶᠢᠰᠦᠨ ᠶᠡᠭᠡ ᠠᠷᠭ᠎ᠠ ᠵᠡᠷᠭᠡ ᠠᠭᠤᠯᠭ᠎ᠠ ᠶᠢ ᠨᠠᠷᠢᠨ ᠲᠣᠳᠣᠷᠬᠠᠶᠢᠯᠠᠨ ᠥᠭᠦᠯᠡᠵᠦ᠂ ᠭᠡᠷ ᠤᠨ ᠠᠬᠠᠮᠠᠳ ᠢ ︽ᠭᠡᠷ ᠪᠦᠯᠢ ᠪᠣᠯ ᠨᠢᠭᠡᠳᠦᠭᠡᠷ ᠬᠢᠴᠢᠶᠡᠯ ᠤᠨ ᠲᠠᠩᠬᠢᠮ᠂ ᠭᠡᠷ ᠤᠨ ᠠᠬᠠᠮᠠᠳ ᠪᠣᠯ ᠠᠩᠬᠠᠨ ᠤ ᠪᠠᠭᠰᠢ︾ ᠭᠡᠬᠦ ᠬᠠᠷᠢᠭᠤᠴᠠᠯᠭᠠᠲᠤ ᠤᠬᠠᠮᠰᠠᠷ ᠲᠠᠢ ᠪᠣᠯᠭᠠᠬᠤ ᠪᠠᠷ ᠢᠳᠡᠪᠬᠢᠲᠡᠢ ᠬᠥᠲᠥᠯᠥᠨ ᠵᠢᠯᠤᠭᠤᠳᠴᠤ᠂ ᠭᠡᠷ ᠤᠨ ᠠᠬᠠᠮᠠᠳ ᠨᠠᠷ ᠨᠠᠷᠢᠨ ᠬᠢᠨᠠᠮᠠᠭᠠᠢ ᠰᠣᠨᠣᠰᠴᠤ᠂ ᠢᠳᠡᠪᠬᠢᠲᠡᠢ ᠪᠠᠷ ᠬᠥᠳᠡᠯᠦᠯᠴᠡᠨ᠂ ᠵᠥᠪ ᠦᠵᠡᠯ ᠰᠠᠨᠠᠭ᠎ᠠ᠂ ᠠᠷᠭ᠎ᠠ ᠪᠠᠷᠢᠯ ᠪᠠ ᠦᠶᠯᠡ ᠠᠵᠢᠯᠯᠠᠭ᠎ᠠ ᠪᠠᠷ ᠨᠠᠰᠤᠨ ᠳᠤ ᠥᠯᠥ ᠭᠦᠷᠦᠭᠰᠡᠳ ᠢ ᠰᠤᠷᠭᠠᠨ ᠬᠥᠮᠥᠵᠢᠭᠦᠯᠬᠦ ᠬᠡᠷᠡᠭᠲᠡᠢ ᠭᠡᠳᠡᠭ ᠢ ᠣᠶᠢᠯᠠᠭᠠᠭᠰᠠᠨ ᠪᠠᠶᠢᠨ᠎ᠠ᠃      11 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂  ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠯᠧᠺᠲ᠋ᠣᠷ ᠴᠧᠨ ᠨᠠᠨ ᠪᠠᠭᠰᠢ ᠶᠢᠨ ︽ᠥᠨᠥᠳᠥᠷ ᠬᠠᠤᠯᠢ ᠶᠣᠰᠣᠭᠠᠷ︾ ᠬᠡᠦᠬᠡᠳ ᠢᠶᠠᠨ ᠳᠠᠭᠠᠭᠤᠯᠤᠭᠰᠠᠨ  ᠤᠤ︖︾ ᠭᠤᠣᠯ ᠰᠡᠳᠦᠪᠲᠦ ᠲᠠᠶᠢᠯᠤᠮᠵᠢ ᠶᠢ ᠲᠣᠭᠲᠠᠬᠤ ᠰᠢᠶᠠᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠲᠣᠭᠲᠠᠭᠰᠠᠨ ᠬᠤᠭᠤᠴᠠᠭᠠᠨ ᠳᠤ ᠶᠠᠪᠤᠭᠳᠠᠭᠤᠯᠵᠤ᠂ ᠴᠧᠨ ᠪᠠᠭᠰᠢ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠭᠤᠣᠯ ᠠᠭᠤᠯᠭ᠎ᠠ ᠶᠢᠨ ᠲᠣᠭᠤᠷᠢᠨ ᠳᠤ᠂ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠦᠬᠡᠳ ᠳᠠᠭᠠᠭᠤᠯᠬᠤ ᠨᠠᠢᠮᠠᠨ ᠵᠦᠢᠯ ᠤᠨ ᠵᠠᠭᠪᠤᠷ ᠢ ᠵᠢᠭᠰᠠᠭᠠᠵᠤ᠂ ᠭᠡᠷ ᠤᠨ ᠠᠬᠠᠮᠠᠳ ᠢ ᠬᠡᠷᠬᠢᠨ ︽ᠬᠠᠤᠯᠢ ᠶᠣᠰᠣᠭᠠᠷ︾ ᠬᠡᠦᠬᠡᠳ ᠳᠠᠭᠠᠭᠤᠯᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠭᠡᠷ ᠤᠨ ᠠᠬᠠᠮᠠᠳ ᠢ ᠬᠠᠪᠰᠤᠷᠤᠨ ᠬᠠᠤᠯᠢ ᠶᠣᠰᠣᠭᠠᠷ ᠬᠡᠦᠬᠡᠳ ᠢᠶᠠᠨ ᠬᠥᠮᠥᠵᠢᠭᠦᠯᠬᠦ ᠤᠬᠠᠮᠰᠠᠷ ᠢ ᠪᠣᠶ ᠪᠣᠯᠭᠠᠪᠠ᠃       11 ᠳ᠋ᠤᠭᠡᠷ ᠰᠠᠷ᠎ᠠ ᠶᠢᠨ 24 ᠤ ᠦᠳᠡ ᠶᠢᠨ ᠬᠤᠶᠢᠨ᠎ᠠ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠯᠧᠺᠲ᠋ᠣᠷ ᠤᠨ ᠪᠠᠭᠰᠢ ᠭᠤᠣ ᠮᠧᠶ ᠶᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠵᠦ᠂ ᠭᠡᠷ ᠤᠨ ᠠᠬᠠᠮᠠᠳ ᠵᠠᠯᠠᠭᠤ  ᠦᠶ᠎ᠡ ᠶᠢᠨ ᠬᠡᠦᠬᠡᠳ ᠤᠨ ᠢᠵᠢᠯᠢ ᠪᠤᠰᠤ ᠬᠦᠢᠰᠦᠲᠡᠨ ᠤ ᠶᠠᠪᠤᠯᠴᠠᠭ᠎ᠠ ᠶᠢ ᠬᠡᠷᠬᠢᠨ ᠠᠷᠭᠠᠴᠠᠬᠤ ᠪᠤᠶ︖︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠪᠡ᠃ ᠭᠤᠣ ᠪᠠᠭᠰᠢ ᠰᠡᠳᠬᠢᠴᠡ ᠶᠢᠨ ᠤᠬᠠᠭᠠᠨ ᠤ ᠮᠡᠳᠡᠯᠭᠡ ᠶᠢ ᠦᠨᠡᠨ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ︽ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠳᠠᠬᠢ ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠵᠢᠮ᠎ᠡ ᠶᠣᠰᠣ ᠪᠣᠯᠣᠨ ᠪᠣᠳᠠᠭᠠᠯᠢ ᠪᠡᠶ᠎ᠡ ᠶᠢᠨ ᠵᠥᠷᠢᠶ᠎ᠡ ᠶᠢ ᠬᠦᠨᠳᠦᠳᠬᠡᠬᠦ ᠲᠤᠬᠠᠢ ᠭᠦᠨᠵᠡᠭᠡᠢ ᠲᠠᠶᠢᠯᠪᠤᠷᠢᠯᠠᠯᠲᠠ ᠬᠢᠵᠦ᠂ ᠭᠡᠷ ᠤᠨ ᠠᠬᠠᠮᠠᠳ ᠢ ᠬᠥᠲᠥᠯᠥᠨ ᠵᠢᠯᠤᠭᠤᠳᠴᠤ ᠪᠠᠶᠢᠭᠠᠳ ᠵᠠᠯᠠᠭᠤ ᠦᠶ᠎ᠡ ᠶᠢᠨ ᠦᠵᠡᠭᠳᠡᠯ ᠢ ᠬᠡᠷᠬᠢᠨ ᠵᠥᠪ ᠲᠠᠨᠢᠭᠤᠯᠵᠤ᠂ ᠵᠠᠯᠠᠭᠤ ᠦᠶ᠎ᠡ ᠶᠢᠨ ᠬᠡᠦᠬᠡᠳ ᠤᠨ ᠰᠡᠳᠬᠢᠴᠡ ᠪᠠ ᠦᠢᠯᠡ ᠠᠵᠢᠯᠯᠠᠭ᠎ᠠ ᠶᠢ ᠣᠶᠢᠯᠠᠭᠠᠭᠤᠯᠵᠤ᠂ ᠵᠥᠪ ᠣᠶᠢᠯᠠᠭᠠᠭᠳᠠᠬᠤᠨ ᠪᠠ ᠠᠷᠭ᠎ᠠ ᠪᠠᠷ ᠬᠡᠦᠬᠡᠳ ᠤᠨ ᠦᠰᠦᠨ ᠪᠣᠶᠢᠵᠢᠬᠤ ᠵᠠᠮ ᠳᠠᠬᠢ ᠠᠰᠠᠭᠤᠳᠠᠯ ᠢ ᠰᠢᠢᠳᠪᠦᠷᠢᠯᠡᠬᠦ ᠶᠢ ᠰᠤᠷᠭᠠᠵᠤ᠂ ᠵᠠᠯᠠᠭᠤ ᠦᠶ᠎ᠡ ᠶᠢᠨ ᠬᠡᠦᠬᠡᠳ ᠤᠨ ᠰᠤᠷᠭᠠᠨ ᠬᠥᠮᠦᠵᠢᠯ ᠢ ᠰᠠᠶᠢᠲᠤᠷ ᠬᠢᠵᠦ᠂ ᠠᠭᠤᠯᠭ᠎ᠠ ᠪᠠ ᠬᠡᠷᠡᠭ ᠤᠨ ᠵᠢᠱᠢᠶ᠎ᠡ ᠶᠢ ᠤᠶᠠᠯᠳᠤᠭᠤᠯᠵᠤ᠂ ᠤᠨᠤᠯ ᠤᠨ ᠥᠨᠳᠥᠷᠴᠡ ᠲᠠᠢ ᠮᠥᠷᠲᠡᠭᠡᠨ ᠦᠢᠯᠡᠳᠦᠯᠭᠡ ᠶᠢᠨ ᠵᠢᠯᠣᠭᠤᠳᠤᠯᠭ᠎ᠠ ᠲᠠᠢ ᠪᠣᠯᠭᠠᠬᠤ ᠬᠡᠷᠡᠭᠲᠡᠢ ᠭᠡᠵᠡᠢ᠃      11 ᠳ᠋ᠤᠭᠡᠷ ᠰᠠᠷ᠎ᠠ ᠶᠢᠨ 27 ᠤ ᠦᠳᠡ ᠶᠢᠨ ᠡᠮᠦᠨ᠎ᠡ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠡᠷ ᠪᠦᠯᠢ ᠶᠢᠨ ᠰᠤᠷᠭᠠᠨ ᠬᠥᠮᠦᠵᠢᠯ ᠤᠨ ᠯᠧᠺᠲ᠋ᠣᠷ ᠤᠨ ᠪᠦᠯᠬᠦᠮ ᠤᠨ ᠯᠧᠺᠲ᠋ᠣᠷ ᠯᠢᠦᠢ ᠼᠠᠢ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠮᠢᠩ ᠵᠦ ᠨᠡᠶᠢᠭᠡᠮ ᠲᠣᠭᠤᠷᠢᠭ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠲᠤᠰᠬᠠᠢ ᠰᠡᠳᠦᠪᠲᠦ ᠲᠠᠶᠢᠯᠤᠮᠵᠢ ᠬᠢᠵᠡᠢ᠂ ᠯᠢᠦᠢ ᠪᠠᠭᠰᠢ ᠶᠠᠭᠤᠨ ᠤ ᠡᠮᠦᠨ᠎ᠡ ᠨᠡᠶᠢᠭᠡᠮ ᠲᠣᠭᠤᠷᠢᠭ ᠤᠨ ᠠᠵᠢᠯᠲᠠᠨ ᠪᠣᠯᠣᠨ ᠭᠡᠷ ᠤᠨ ᠠᠬᠠᠮᠠᠳ ᠲᠤ ︽ᠭᠡᠷ ᠪᠦᠯᠢ   ᠶᠢᠨ ᠬᠥᠮᠦᠵᠢᠯ ᠢ ᠠᠬᠢᠭᠤᠯᠬᠤ ᠬᠠᠤᠯᠢ︾ ᠶᠢ ᠨᠡᠶᠢᠲᠡᠯᠡᠨ ᠬᠡᠷᠡᠭᠵᠢᠭᠦᠯᠦᠭᠰᠡᠨ ᠴᠠᠭ ᠦᠶ᠎ᠡ ᠶᠢᠨ ᠠᠬᠤᠢ ᠪᠠᠶᠢᠳᠠᠯ ᠢ ᠲᠠᠨᠢᠯᠴᠠᠭᠤᠯᠵᠤ᠂ ᠵᠠᠯᠭᠠᠭᠠᠳ ᠪᠣᠳᠠᠲᠠᠢ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠡᠷ ᠪᠦᠯᠢ ᠶᠢᠨ ᠬᠠᠷᠢᠭᠤᠴᠠᠯᠭ᠎ᠠ ᠶᠢᠨ ᠳᠣᠲᠣᠷᠠᠬᠢ ᠠᠷᠪᠠᠨ ᠳᠣᠯᠣᠳᠤᠭᠠᠷ ᠵᠦᠢᠯ ᠢ ᠭᠡᠷ ᠤᠨ ᠠᠬᠠᠮᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠭᠡᠷ ᠤᠨ ᠠᠬᠠᠮᠠᠳ ᠲᠤ ᠬᠡᠦᠬᠡᠳ ᠲᠠᠢ ᠪᠠᠨ ᠬᠠᠮᠲᠤ ᠦᠰᠦᠨ ᠪᠣᠶᠢᠵᠢᠬᠤ ᠪᠣᠯ ᠬᠠᠮᠤᠭ ᠤᠨ ᠰᠠᠶᠢᠨ ᠭᠡᠷ ᠪᠦᠯᠢ ᠶᠢᠨ ᠬᠥᠮᠦᠵᠢᠯ ᠮᠥᠨ ᠭᠡᠳᠡᠭ ᠢ ᠣᠶᠢᠯᠠᠭᠠᠭᠤᠯᠵᠤ᠂ ᠪᠦᠲᠦᠮᠵᠢᠲᠡᠶ ᠬᠠᠨᠢ ᠪᠣᠯᠬᠤ ᠳᠤ ᠪᠦᠷᠢᠮᠦᠰᠦᠨ ᠭᠥᠯᠢᠶᠡᠨ ᠠᠪᠴᠤ᠂ ᠰᠡᠳᠬᠢᠯ ᠲᠠᠯᠪᠢᠨ ᠬᠠᠨᠢ ᠪᠣᠯᠵᠤ᠂ ᠴᠠᠭ ᠲᠤᠬᠠᠢ ᠳᠤᠨᠢ ᠬᠠᠮᠲᠤ ᠶᠢᠨ ᠰᠡᠳᠬᠢᠯᠭᠡ ᠲᠠᠢ ᠪᠠᠶᠢᠬᠤ ᠬᠡᠷᠡᠭᠲᠡᠢ ᠭᠡᠵᠡᠢ᠃      ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠪᠣᠯ ᠨᠢᠭᠡᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠰᠤᠷᠭᠠᠭᠤᠯᠢ᠂ ᠭᠡᠷ ᠪᠦᠯᠢ᠂ ᠨᠡᠶᠢᠭᠡᠮ ᠤᠨ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ  ᠶᠢ ᠪᠦᠷᠢᠨᠰᠢᠭᠦᠯᠬᠦ ᠬᠡᠷᠡᠭᠲᠡᠢ᠂ ᠳᠠᠪᠠᠭᠤᠯᠢᠭ ᠢ ᠪᠠᠲᠤᠳᠬᠠᠬᠤ ᠠᠴᠠ ᠭᠠᠳᠠᠨ᠎ᠠ ᠪᠠᠰᠠ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ︽1+1+1>3︾   ᠶᠢᠨ ᠦᠷ᠎ᠡ ᠪᠦᠲᠦᠮᠵᠢ ᠶᠢ ᠪᠠᠳᠠᠷᠠᠭᠤᠯᠵᠤ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠠᠰᠢᠭᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠬᠤ ᠬᠡᠷᠡᠭᠲᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ 
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1