ᠥᠪᠥᠷ ᠮᠣᠩᠭᠤᠯ ᠤᠨ ᠲᠣᠭᠲᠠᠬᠤ ᠰᠢᠶᠠᠨ ᠤ 22 ᠲᠦᠮᠡᠨ ᠲᠣᠨ ᠤ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠳᠠᠭᠤᠰᠴᠤ ᠰᠢᠯᠭᠠᠨ ᠠᠪᠬᠤ ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄
2023/11/29
      11 ᠳ᠋ᠤᠭᠡᠷ ᠰᠠᠷ᠎ᠠ ᠶᠢᠨ 20 ᠤ ᠡᠳᠦᠷ᠂ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠬᠡᠬᠤᠲᠠ ᠶᠢᠨ ᠰᠢᠭᠤᠳ ᠬᠠᠷᠢᠶ᠎ᠠ ᠬᠥᠮᠥᠷᠭᠡ ᠶᠢᠨ ᠲᠣᠭᠲᠠᠬᠤ ᠰᠢᠶᠠᠨ ᠤ 22 ᠲᠦᠮᠡᠨ ᠲᠣᠨ ᠤ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠶᠢ ᠥᠩᠭᠡᠷᠡᠭᠡᠵᠦ᠂ ᠤᠳᠠᠯ ᠦᠭᠡᠢ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ᠃      ᠲᠣᠰ ᠲᠥᠷᠥᠯ ᠵᠦᠢᠯ ᠨᠢ ᠥᠪᠥᠷ ᠮᠣᠩᠭᠤᠯ ᠤᠨ ᠬᠥᠬᠡᠬᠤᠲᠠ ᠶᠢᠨ ᠲᠣᠭᠲᠠᠬᠤ ᠰᠢᠶᠠᠨ ᠤ ᠶᠦᠨ ᠵᠥᠩ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠪᠠᠷᠢᠯᠭ᠎ᠠ ᠶᠢᠨ ᠲᠠᠯᠠᠪᠠᠶ ᠨᠢ ᠪᠠᠷᠤᠭ 3.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 9 ᠪᠠᠶᠢᠰᠢᠩ᠂ 15 ᠭᠦᠶᠦᠬᠡᠨ ᠲᠣᠭᠤᠷᠢᠭ ᠬᠥᠮᠥᠷᠭᠡ᠂ 20.23 ᠲᠦᠮᠡᠨ ᠲᠣᠨ ᠶᠡᠷᠦᠩᠬᠡᠢ ᠬᠥᠮᠥᠷᠭᠡ ᠶᠢᠨ ᠪᠠᠭᠲᠠᠭᠠᠮᠵᠢ ᠲᠠᠢ᠃ ᠬᠠᠳᠠᠭᠠᠬᠤ ᠪᠡᠯᠡᠳᠬᠡᠮᠵᠢ᠂ ᠭᠠᠯ ᠤᠨᠲᠠᠷᠠᠭᠠᠬᠤ ᠬᠥᠭᠡᠷᠭᠡ ᠶᠢᠨ ᠭᠡᠷ᠂ ᠭᠠᠯ ᠤᠨᠲᠠᠷᠠᠭᠠᠬᠤ ᠤᠰᠤᠨ ᠴᠥᠭᠦᠷᠥᠮ ᠵᠡᠷᠭᠡ ᠳᠠᠭᠠᠯᠲᠠ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤ ᠪᠤᠳᠠᠭ᠎ᠠ ᠨᠥᠭᠡᠴᠡᠯᠡᠬᠦ ᠵᠢᠴᠢ ᠣᠶᠤᠨᠴᠢᠯᠠᠭᠰᠠᠨ ᠮᠡᠷᠭᠡᠵᠢᠯ ᠤᠨ ᠬᠡᠷᠡᠭᠯᠡᠭᠡᠨ ᠤ ᠪᠡᠯᠡᠳᠬᠡᠮᠵᠢ ᠶᠢ ᠵᠡᠷᠭᠡ ᠳᠤᠨᠢ ᠪᠦᠲᠦᠭᠡᠨ ᠪᠠᠶᠢᠭᠤᠯᠪᠠ᠃      ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ 5 ᠮᠥᠷ ᠥᠨᠳᠥᠷ ᠲᠣᠮᠣ ᠪᠣᠷᠲᠣᠭᠤᠨ ᠬᠡᠯᠪᠡᠷᠢ ᠲᠠᠢ ᠪᠠᠷᠢᠯᠭ᠎ᠠ ᠶᠢ ᠲᠡᠷᠢ ᠲᠡᠭᠰᠢ ᠵᠢᠭᠰᠠᠭᠠᠪᠠ᠃ ᠳᠠᠭᠠᠭᠠᠴᠢᠯᠠᠨ ᠪᠠᠶᠢᠭᠤᠯᠬᠤ ᠶᠢ ᠬᠠᠷᠢᠭᠤᠴᠠᠵᠤ ᠪᠠᠶᠢᠭ᠎ᠠ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠲᠣᠪᠴᠢᠶ᠎ᠠ ᠶᠢᠨ ᠲᠦᠷᠦᠯ ᠵᠦᠢᠯ ᠤᠨ ᠬᠠᠷᠢᠭᠤᠴᠠᠯᠭᠠᠲᠠᠨ ᠠᠢ ᠰᠢᠤᠸᠠᠢ ᠺᠧ ᠶᠢᠨ ᠲᠠᠨᠢᠯᠴᠠᠭᠤᠯᠤᠭᠰᠠᠨ ᠢᠶᠠᠷ᠂ ᠲᠣᠭᠤᠷᠢᠭ ᠬᠡᠯᠪᠡᠷᠢ ᠲᠠᠢ ᠪᠠᠷᠢᠯᠭ᠎ᠠ ᠨᠢ ︽ᠭᠦᠶᠦᠬᠡᠨ ᠲᠣᠭᠤᠷᠢᠭ ᠬᠥᠮᠥᠷᠭᠡ︾ ᠪᠠᠶᠢᠵᠤ᠂ ᠰᠠᠭᠤᠷᠢ ᠪᠦᠷᠢ ᠶᠢᠨ ᠳ᠋ᠢᠶᠠᠮᠧᠲᠷ ᠨᠢ 25 ᠮᠥ᠋ᠲᠷ᠂ ᠥᠨᠳᠥᠷ ᠨᠢ 28.8 ᠮᠥ᠋ᠲᠷ ᠪᠣᠯᠣᠨ᠎ᠠ᠃ ᠪᠦᠲᠦᠭᠡᠨ ᠪᠠᠶᠢᠭᠤᠯᠬᠤ ᠶᠠᠪᠤᠴᠠ ᠳᠤ᠂ ᠪᠠᠷᠢᠯᠭ᠎ᠠ ᠶᠢᠨ ᠠᠵᠢᠯᠲᠠᠳ ᠬᠥᠮᠥᠷᠭᠡ ᠶᠢᠨ ᠬᠠᠨ᠎ᠠ ᠶᠢᠨ ᠭᠤᠯᠭᠤᠭᠤᠷ ᠬᠡᠪ ᠤᠨ ᠤᠷᠠᠯᠠᠯ ᠢ ᠬᠡᠷᠡᠭᠯᠡᠨ᠂ ᠨᠢᠭᠡ ᠯᠡ ᠤᠳᠠᠭ᠎ᠠ ᠳᠤ ᠬᠡᠪᠰᠢᠭᠦᠯᠬᠦ ᠶᠢ ᠪᠡᠶᠡᠯᠡᠭᠦᠯᠵᠡᠢ᠃ ᠭᠦᠶᠦᠬᠡᠨ ᠲᠣᠭᠤᠷᠢᠭ ᠬᠥᠮᠥᠷᠭᠡ ᠶᠢᠨ ᠡᠵᠡᠯᠡᠬᠦ ᠲᠠᠯᠠᠪᠠᠶ ᠨᠢ ᠪᠠᠭ᠎ᠠ᠂ ᠬᠠᠳᠠᠭᠠᠯᠠᠬᠤ ᠬᠡᠮᠵᠢᠶ᠎ᠡ ᠨᠢ ᠶᠡᠭᠡ᠂ ᠬᠡᠯᠪᠡᠷᠢᠵᠢᠭᠰᠡᠨ ᠤ ᠳᠠᠷᠠᠭᠠᠬᠢ ᠪᠦᠬᠦᠯᠢ ᠴᠣᠭᠴᠠᠲᠤ ᠴᠢᠨᠠᠷ᠂ ᠠᠭᠠᠷ ᠨᠢᠭᠲᠠ ᠴᠢᠨᠠᠷ ᠢᠶᠠᠷ ᠨᠡᠯᠢᠶᠡᠳ ᠰᠠᠶᠢᠨ ᠪᠠᠶᠢᠵᠤ᠂ ᠠᠮᠤ ᠪᠤᠳᠠᠭ᠎ᠠ ᠬᠠᠳᠠᠭᠠᠯᠠᠬᠤ ᠳᠤ ᠠᠰᠢᠭᠲᠠᠢ ᠪᠠᠶᠢᠳᠠᠭ᠃      ᠳᠤᠮᠳᠠᠳᠤ ᠤᠯᠤᠰ ᠤᠨ ᠠᠮᠤ ᠪᠤᠳᠠᠭᠠᠨ ᠤ ᠨᠥᠭᠡᠴᠡᠯᠡᠯᠲᠡ ᠶᠢᠨ ᠬᠥᠬᠡᠬᠤᠲᠠ ᠶᠢᠨ ᠰᠢᠭᠤᠳ ᠬᠠᠷᠢᠶ᠎ᠠ ᠬᠥᠮᠥᠷᠭᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠠᠮᠤ ᠪᠤᠳᠠᠭᠠᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠳᠤ ᠲᠡᠷᠢᠭᠦᠨ ᠤ ᠠᠮᠤ ᠪᠤᠳᠠᠭᠠᠨ ᠤ ᠪᠠᠲᠤᠯᠠᠭ᠎ᠠ ᠶᠢᠨ ᠮᠡᠷᠭᠡᠵᠢᠯ ᠢ ᠬᠡᠷᠡᠭᠯᠡᠪᠡᠯ᠂ ᠤᠲᠤᠵᠤ ᠵᠢᠩᠨᠡᠬᠦ ᠶᠢ ᠪᠠᠭᠠᠰᠬᠠᠵᠤ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠂ ᠠᠮᠤ ᠪᠤᠳᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠤᠬᠢᠷᠠᠯ ᠬᠤᠷᠣᠭᠳᠠᠯ ᠢ ᠪᠠᠭᠠᠰᠬᠠᠨ᠂ ᠪᠣᠬᠢᠷᠲᠤᠯ ᠦᠭᠡᠢ ᠠᠮᠤ ᠪᠤᠳᠠᠭᠠᠨ ᠤ ᠨᠥᠭᠡᠴᠡᠯᠡᠯᠲᠡ ᠶᠢᠨ ᠵᠣᠷᠢᠯᠭ᠎ᠠ ᠳᠤ ᠬᠦᠷᠴᠦ ᠴᠢᠳᠠᠨ᠎ᠠ᠃      ᠣᠶᠢᠯᠠᠭᠠᠭᠰᠠᠨ ᠢᠶᠠᠷ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠵᠢᠱᠢᠯᠲᠡ ᠪᠠᠷ ᠠᠮᠤ ᠪᠤᠳᠠᠭᠠᠨ ᠤ ᠬᠥᠮᠥᠷᠭᠡ ᠳᠤ ᠣᠷᠣᠭᠤᠯᠬᠤ ᠶᠡᠷᠦᠩᠬᠡᠢ ᠬᠡᠮᠵᠢᠶ᠎ᠡ ᠵᠢᠯ ᠪᠦᠷᠢ 14 ᠲᠦᠮᠡᠨ ᠲᠣᠨ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ 4.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠲᠡᠳᠡᠨ ᠣᠷᠣᠯᠴᠠᠭᠤᠯᠬᠤ ᠪᠠᠷ ᠳᠠᠮᠵᠢᠭᠤᠯᠤᠨ᠂ ᠠᠮᠤ ᠪᠤᠳᠠᠭᠠᠨ ᠤ ᠠᠮᠢ ᠠᠬᠤᠢ ᠶᠢᠨ ᠲᠠᠪᠴᠠᠩ ᠢ ᠪᠣᠶ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠨᠠᠩ ᠰᠠᠶᠢᠨ ᠦᠢᠯᠡᠴᠢᠯᠡᠵᠦ ᠳᠠᠶᠢᠴᠢᠯᠠᠬᠤ ᠪᠣᠯᠣᠨ᠎ᠠ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1