ᠲᠣᠭᠲᠠᠬᠤ ᠰᠢᠶᠠᠨ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠤᠣᠯ ᠰᠡᠳᠦᠪᠲᠦ ᠰᠤᠷᠭᠠᠨ ᠬᠥᠮᠦᠵᠢᠯ ᠢ ᠶᠠᠪᠤᠭᠳᠠᠭᠤᠯᠵᠤ ᠦᠷ᠎ᠡ ᠪᠦᠲᠦᠮᠵᠢ ᠭᠠᠷᠭᠠᠬᠤ ᠶᠢ  ᠠᠬᠢᠭᠤᠯᠪᠠ
ᠨᠡᠶᠢᠲᠡᠯᠡᠭᠰᠡᠨ ᠴᠠᠭ᠄
2023/11/29
      ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠲᠣᠭᠲᠠᠬᠤ ᠰᠢᠶᠠᠨ ᠤ ᠬᠢᠨ ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠶᠢᠨ ︽ᠵᠠᠪᠠᠯ ᠰᠤᠷᠬᠤ ᠬᠢᠴᠢᠶᠡᠯ︾ ᠪᠣᠯᠭᠠᠵᠤ᠂ ᠦᠢᠯᠡᠴᠢᠯᠡᠭᠡᠨ ᠤ ᠶᠠᠰᠤ ᠴᠢᠨᠠᠷ ᠪᠣᠯᠣᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ᠂ ᠬᠦᠯᠢᠶᠡᠰᠦ ᠶᠢ ᠠᠯᠳᠠᠷᠠᠭᠠᠨ ᠬᠦᠯᠢᠶᠡᠰᠦ ᠠᠴᠠ ᠠᠩᠭᠢᠵᠢᠷᠠᠭᠤᠯᠬᠤ᠂ ᠬᠦᠴᠦᠨ ᠴᠢᠳᠠᠯ ᠢ ᠨᠡᠮᠡᠷᠢᠯᠡᠵᠦ᠂ ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠭᠦᠢᠴᠡᠳ ᠬᠤᠷᠠᠮᠳᠤᠭᠤᠯᠵᠤ᠂ ᠰᠢᠨ᠎ᠡ ᠴᠢᠳᠠᠪᠤᠷᠢ ᠶᠢ ᠣᠯᠭᠤᠨ᠎ᠠ︕      ᠬᠦᠷᠢᠶᠡᠯᠡᠩ ᠲᠣᠭᠤᠷᠢᠭ ᠤᠨ ᠲᠥᠬᠦᠭᠡᠷᠦᠮᠵᠢ ᠶᠢᠨ ︽ᠬᠠᠲᠠᠭᠤ ᠪᠣᠳᠠᠲᠤ ᠬᠦᠴᠦᠨ︾ ᠢ  ᠲᠡᠭᠡᠭᠰᠢᠯᠡᠭᠦᠯᠪᠡ      ᠡᠨᠡ ᠵᠢᠯ ᠠᠴᠠ ᠨᠠᠰᠢ᠂ ᠲᠣᠭᠲᠠᠬᠤ ᠰᠢᠶᠠᠨ ᠤ ᠬᠢᠨ ᠬᠦᠷᠢᠶᠡᠯᠡᠩ ᠲᠣᠭᠤᠷᠢᠭ ᠤᠨ ᠰᠠᠭᠤᠷᠢ ᠴᠢᠳᠠᠪᠬᠢ ᠶᠢ ᠢᠵᠢ ᠪᠦᠷᠢᠳᠦᠭᠦᠯᠬᠦ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠵᠦ᠂ ᠡᠭᠦᠨ ᠤ ᠤᠯᠠᠮ ᠠᠴᠠ ᠠᠵᠤ ᠦᠢᠯᠡᠰ ᠤᠨ ᠲᠥᠪᠯᠡᠷᠡᠯ ᠤᠨ ᠳᠠᠭᠠᠭᠠᠴᠠ ᠶᠢ ᠳᠡᠭᠡᠭᠰᠢᠯᠡᠭᠦᠯᠵᠦ᠂ ᠪᠦᠬᠦ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠡᠢ᠃      ᠶᠡᠷᠦᠩᠬᠡᠢ ᠪᠡᠯᠡ ᠣᠷᠣᠭᠤᠯᠤᠯᠲᠠ ᠨᠢ 2960.5 ᠲᠦᠮᠡᠨ ᠲᠥᠭᠦᠷᠢᠭ᠂ ᠶᠡᠷᠦᠩᠬᠡᠢ ᠲᠠᠯᠠᠪᠠᠢ ᠨᠢ 31.2 ᠲᠦᠮᠡᠨ ᠲᠡᠭᠰᠢ ᠳᠥᠷᠪᠡᠯᠵᠢᠨ ᠮᠧᠲᠷ ᠪᠦᠬᠦᠢ ᠲᠣᠭᠲᠠᠬᠤ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠣᠬᠢᠷᠲᠤᠯ ᠦᠭᠡᠢ ᠦᠢᠯᠡᠳᠬᠦ ᠰᠠᠭᠤᠷᠢᠨ ᠤ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠲᠣᠭᠲᠠᠬᠤ ᠰᠢᠶᠠᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠲᠡᠮᠳᠡᠭ ᠤᠨ ᠴᠢᠨᠠᠷᠲᠠᠢ ᠰᠠᠭᠤᠷᠢᠨ ᠤ ᠲᠦᠷᠦᠯ ᠲᠡᠮᠳᠡᠭ ᠢ ᠪᠦᠲᠦᠮᠵᠢᠲᠡᠢ ᠡᠭᠦᠳᠬᠦ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠷᠢᠶᠡᠯᠡᠩ ᠲᠣᠭᠤᠷᠢᠭ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ︔ 4281 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳ᠋ᠠ ᠲᠠᠩ ᠤᠨ ᠬᠥᠬᠡ ᠵᠢᠵᠢᠭ ᠪᠠᠯᠭᠠᠰᠤᠨ ᠤ ᠲᠥᠷᠥᠯ ᠵᠦᠢᠯ ᠢ ᠬᠡᠷᠡᠭᠵᠢᠭᠦᠯᠵᠦ᠂ ᠡᠷᠬᠢᠨ ᠲᠣᠭᠤᠷᠢᠨ ᠤ ᠲᠣᠮᠣ ᠲᠡᠷᠭᠡ ᠣᠯᠠᠨ᠂ ᠬᠠᠮᠢᠶᠠᠷᠤᠯᠲᠠ ᠡᠮᠬᠢ ᠵᠢᠷᠤᠮ ᠦᠭᠡᠢ᠂ ᠣᠷᠴᠢᠨ ᠲᠣᠭᠤᠷᠢᠨ ᠪᠤᠵᠠᠷ ᠰᠠᠮᠠᠭᠤᠨ ᠠᠨᠠᠢ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠨᠡᠭᠡᠭᠡᠯᠲᠡ ᠶᠢᠨ ᠲᠣᠭᠤᠷᠢᠭ ᠤᠨ ᠭᠠᠳᠠᠭᠠᠳᠤ ᠳᠤ ᠬᠠᠨᠳᠤᠭᠤᠯᠤᠭᠰᠠᠨ ᠳᠦᠷᠢ ᠲᠥᠷᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠠᠵᠢᠯ ᠦᠢᠯᠡᠰ ᠲᠤ ᠲᠣᠬᠢᠷᠠᠮᠵᠢᠲᠠᠢ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠪᠡ︔ ᠵᠠᠮ ᠤᠨ ᠣᠷᠴᠢᠨ ᠲᠣᠭᠤᠷᠢᠨ ᠤ ︽ᠶᠡᠭᠡ ᠪᠠᠷ ᠴᠡᠭᠴᠡᠯᠡᠨ ᠶᠡᠭᠡ ᠪᠠᠷ ᠳᠡᠭᠡᠭᠰᠢᠯᠡᠭᠦᠯᠬᠦ︾ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠶᠡᠷᠦᠩᠬᠡᠢ ᠪᠡᠯᠡ ᠣᠷᠣᠭᠤᠯᠤᠯᠲᠠ 2.17 ᠳ᠋ᠦᠩᠰᠢᠭᠤᠷ ᠲᠥᠭᠦᠷᠢᠭ ᠲᠤ ᠬᠦᠷᠴᠦ᠂ ᠰᠢᠶᠠᠨ ᠤ ᠬᠡᠪᠴᠢᠶᠡᠨ ᠳᠠᠬᠢ S103 ᠱᠤᠭᠤᠮ᠂ ᠬᠥᠬᠡᠬᠤᠲᠠ ᠶᠢᠨ ᠬᠠᠭᠤᠴᠢᠨ ᠵᠠᠮ᠂ ᠢᠯᠢ ᠶᠢᠨ 18 ᠲᠦᠮᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠶᠢᠨ ᠵᠠᠮ᠂ ᠤᠯᠤᠰ ᠤᠨ ᠵᠠᠮ ᠤᠨ 512 ᠱᠤᠭᠤᠮ᠂ ᠲᠧᠩ ᠹᠧᠢ ᠶᠡᠭᠡ ᠵᠠᠮ ᠵᠡᠷᠭᠡ 19 ᠵᠤᠷᠪᠤᠰ ᠵᠠᠮ ᠢ ᠠᠷᠠᠴᠢᠯᠠᠨ ᠬᠠᠮᠠᠭᠠᠯᠠᠵᠤ ᠳᠡᠭᠡᠭᠰᠢᠯᠡᠭᠦᠯᠬᠦ ᠪᠠ ᠡᠷᠬᠢᠨ ᠲᠣᠭᠤᠷᠢᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠪᠠ᠃ ᠣᠯᠠᠨ ᠲᠦᠮᠡᠨ ᠤ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠪᠠ ᠵᠣᠯ ᠵᠢᠷᠭᠠᠯ ᠤᠨ ᠰᠡᠳᠬᠢᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠂ ᠲᠤᠭᠳᠠᠬᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ︽ᠵᠠᠰᠠᠮᠠᠯ ᠵᠠᠮ ᠤᠨ ᠬᠦᠴᠦᠨ︾ ᠨᠡᠮᠡᠷᠢᠯᠡᠪᠡ᠃     ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠵᠥᠭᠡᠯᠡᠨ ᠪᠣᠳᠠᠲᠤ ᠬᠦᠴᠦᠨ︾ ᠢ  ᠲᠡᠭᠡᠭᠰᠢᠯᠡᠭᠦᠯᠪᠡ      ᠲᠤᠭᠳᠠᠬᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠡᠵᠡᠩᠨᠡᠯᠲᠡ   ᠶᠢᠨ ᠦᠨᠡᠮᠯᠡᠯ ᠠᠪᠬᠤ ᠪᠠᠷ ᠢᠷᠡᠭᠰᠡᠨ ᠵᠠᠩ ᠠᠪᠠᠭ᠋ᠠᠢ ᠰᠡᠳᠬᠢᠯ ᠬᠠᠨᠤᠮᠵᠢᠲᠠᠶ ᠪᠥᠭᠡᠳ ᠪᠠᠶᠠᠷᠲᠠᠢ ᠪᠠᠷ᠄ ︽ᠲᠡᠶᠢᠮᠦ ᠣᠯᠠᠨ ᠮᠠᠲ᠋ᠧᠷᠢᠶᠠᠯ ᠠᠪᠬᠤ ᠴᠢᠬᠤᠯᠠ ᠦᠭᠡᠢ᠂ ᠵᠥᠪᠬᠡᠨ ᠠᠷᠪᠠᠨ ᠬᠡᠳᠦᠨ ᠮᠢᠨᠦ᠋ᠲ ᠤᠨ ᠳᠣᠲᠣᠷ᠎ᠠ ᠭᠠᠷ ᠤᠲᠠᠰᠤ ᠪᠠᠷ ᠠᠵᠢᠯᠯᠠᠭᠤᠯᠪᠠᠯ ᠪᠣᠯᠴᠢᠬᠠᠨ᠎ᠠ᠂ ᠣᠳᠣ ᠦᠨᠡᠬᠡᠷ ᠥᠩᠭᠡᠷᠡᠭᠰᠡᠨ ᠤ ᠬᠢ ᠠᠴᠠ ᠪᠠᠨ ᠬᠤᠯᠠ ᠳᠥᠭᠦᠮ ᠪᠣᠯᠵᠠᠢ︾ ᠭᠡᠵᠦ ᠬᠡᠯᠡᠪᠡ᠃      ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠰᠢᠯᠭᠠᠬᠤ ᠴᠢᠬᠤᠯᠠ ᠬᠦᠴᠦᠯᠡᠬᠦ ᠴᠡᠭ ᠮᠥᠨ᠃ ᠲᠣᠭᠲᠠᠬᠤ ᠰᠢᠶᠠᠨ ᠤ ᠬᠢᠨ ︽ᠨᠠᠢᠮᠠ ᠶᠢ ᠪᠦᠷᠢᠯᠳᠦᠭᠦᠯᠦᠭᠰᠡᠨ︾ ᠪᠠᠷᠢᠮᠵᠢᠶ᠎ᠠ ᠪᠠᠷ ︽ᠭᠤᠷᠪᠠᠨ ᠱᠠᠲᠤ ᠪᠠᠷ ᠬᠠᠮᠲᠤᠷᠠᠨ ᠬᠥᠳᠡᠯᠦᠯᠴᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠰᠢᠢᠳᠪᠦᠷᠢᠯᠡᠬᠦ ᠳᠤ ᠬᠢᠯᠪᠠᠷ᠂ ᠲᠦᠷᠭᠡᠨ᠂ ᠣᠶᠢᠷ᠎ᠠ ᠬᠠᠪᠢ ᠳᠠᠭᠠᠨ ᠰᠢᠢᠳᠪᠦᠷᠢᠯᠡᠬᠦ ᠦᠢᠯᠡᠴᠢᠯᠡᠭᠡᠨ ᠤ ᠵᠣᠷᠢᠯᠲᠠ ᠪᠠᠷ ᠲᠣᠭᠲᠠᠬᠤ ᠰᠢᠶᠠᠨ ᠤ ᠥᠪᠡᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠷᠡᠲᠦ ᠲᠡᠮᠳᠡᠭ ︽ᠵᠣᠬᠢᠰᠲᠠᠢ ᠪᠠᠷ ᠬᠢᠵᠦ︾᠂ ᠲᠡᠷᠡᠴᠢᠯᠡᠨ ︽ᠵᠠᠰᠠᠭ ᠤᠨ ᠶᠠᠪᠤᠳᠠᠯ ᠤᠨ ᠦᠢᠯᠡᠴᠢᠯᠡᠭᠡ + e ᠦᠢᠯᠡᠴᠢᠯᠡᠭᠡ︾ ᠶᠢᠨ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠪᠦᠯᠬᠦᠮ ᠢ ᠵᠣᠬᠢᠶᠠᠨ ᠪᠠᠶᠢᠭᠤᠯᠵᠤ᠂ ᠰᠢᠶᠠᠨ ᠤ ᠲᠠᠷᠢᠶᠠᠯᠠᠩ ᠤᠨ ᠬᠤᠳᠠᠯᠳᠤᠭᠠᠨ ᠤ ᠭᠠᠵᠠᠷ᠂ ᠴᠠᠬᠢᠯᠭᠠᠨ ᠬᠤᠯᠪᠣᠭ᠎ᠠ᠂ ᠬᠠᠮᠲᠤᠷᠠᠭᠰᠠᠨ ᠬᠤᠯᠪᠣᠭ᠎ᠠ᠂ ᠰᠢᠯᠵᠢᠮᠡᠯ ᠬᠤᠯᠪᠣᠭ᠎ᠠ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠡᠳᠦᠷ ᠲᠤᠲᠤᠮ ᠤᠨ ᠬᠡᠷᠡᠭᠴᠡᠭᠡ ᠱᠠᠭᠠᠷᠳᠠᠯᠭ᠎ᠠ ᠪᠠ ᠭᠦᠢᠴᠡᠳᠬᠡᠬᠦ ᠤᠳᠠᠭ᠎ᠠ ᠶᠢ ᠦᠨᠳᠦᠰᠦᠯᠡᠨ᠂ 21 ᠵᠦᠢᠯ ᠤᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠢ ᠡᠮᠬᠢᠯᠡᠨ ᠭᠠᠷᠭᠠᠵᠤ᠂ 6 ᠪᠠᠯᠭᠠᠰᠤ ᠶᠢᠨ ᠲᠠᠰ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ 136 ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ᠂ 38 ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠣᠣᠷ ᠴᠡᠭ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠩ ᠣᠯᠠᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤᠨ ᠳᠤ ︽ᠣᠶᠢᠷ᠎ᠠ ᠬᠠᠪᠢ ᠳᠤᠨᠢ ᠭᠦᠢᠴᠡᠳᠬᠡᠬᠦ︾ ᠶᠢ ᠪᠡᠶᠡᠯᠡᠭᠦᠯᠪᠡ᠃      ᠵᠠᠰᠠᠭ ᠠᠵᠤ ᠠᠬᠤᠶᠢᠯᠠᠯ ᠤᠨ ᠬᠠᠷᠢᠴᠠᠭ᠎ᠠ ᠶᠢ ᠳᠡᠭᠡᠭᠰᠢᠯᠡᠭᠦᠯᠵᠦ ᠪᠣᠳᠠᠲᠤ ᠬᠦᠴᠦᠨ   ᠢ  ᠴᠢᠩᠭᠠᠳᠬᠠᠪᠠ      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ︽ᠬᠦᠴᠢᠷ ᠲᠦᠪᠡᠭᠲᠡᠢ ᠠᠰᠠᠭᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ︽ᠢᠲᠡᠭᠡᠮᠵᠢᠲᠡᠢ᠂ ᠵᠢᠭᠡᠯᠡᠯᠭᠡ︾ ᠶᠢᠨ ᠲᠠᠪᠴᠠᠩ ᠢ ᠭᠦᠢᠴᠡᠳ ᠠᠰᠢᠭᠯᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠳᠤ ᠬᠦᠴᠦ ᠨᠡᠮᠡᠷᠢᠯᠡᠵᠡᠢ᠃ ᠣᠲᠣ ᠪᠣᠯᠲᠠᠯ᠎ᠠ᠂ ᠲᠠᠪᠴᠠᠩ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠲᠤᠭ᠎ᠠ 637 ᠪᠣᠯᠵᠤ᠂ 19 ᠠᠵᠢᠯ ᠲᠥᠷᠥᠯ ᠳᠤ ᠬᠤᠯᠪᠣᠭᠳᠠᠵᠤ ᠪᠠᠶᠢᠨ᠎ᠠ᠃       ᠥᠨᠥᠳᠥᠷ ᠤᠨ ᠲᠣᠭᠲᠠᠬᠤ ᠦᠢᠯᠡᠰ ᠪᠣᠰᠬᠠᠬᠤ ᠴᠤᠬ ᠵᠢᠪᠬᠤᠭ᠎ᠠ ᠪᠠᠷ ᠪᠢᠯᠬᠠᠮ᠎ᠠ ᠬᠠᠯᠠᠭᠤᠨ ᠣᠷᠣᠨ ᠪᠣᠯᠵᠤ ᠂ ᠬᠤᠳᠠᠯᠳᠤᠭ᠎ᠠ ᠡᠷᠬᠢᠯᠡᠬᠦ ᠣᠷᠴᠢᠨ ᠲᠠᠰᠤᠷᠠᠯᠲᠠ ᠦᠭᠡᠢ ᠰᠢᠯᠢᠳᠡᠭᠵᠢᠵᠦ᠂ ᠶᠡᠭᠡ ᠬᠡᠮᠵᠢᠶᠡᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠦᠢᠯᠡᠰ ᠪᠣᠰᠬᠠᠬᠤ ᠰᠣᠳᠣᠨ ᠬᠥᠮᠥᠰ ᠵᠢᠴᠢ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ︽ᠨᠤᠲᠤᠭᠰᠢᠨ ᠰᠠᠭᠤᠷᠢᠰᠢᠬᠤ︾ ᠶᠢ ᠲᠠᠲᠠᠵᠤ ᠪᠤᠢ᠃ ᠣᠲᠣ ᠪᠣᠯᠲᠠᠯ᠎ᠠ᠂ ᠲᠣᠭᠲᠠᠬᠤ ᠰᠢᠶᠠᠨ 79 ᠪᠦᠯᠦᠭ ᠬᠤᠳᠠᠯᠳᠤᠭᠠᠴᠢᠨ ᠤᠷᠢᠵᠤ᠂ 124 ᠠᠵᠤ ᠠᠬᠤᠶᠢᠯᠠᠯ ᠲᠠᠢ ᠵᠣᠯᠭᠠᠭᠤᠯᠵᠤ᠂ 64 ᠲᠥᠷᠥᠯ ᠵᠦᠢᠯ ᠳᠤ ᠭᠡᠷ᠎ᠡ ᠲᠣᠭᠲᠠᠵᠤ᠂ 524 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠵᠥᠪᠳᠡᠯᠴᠡᠪᠡ︔ 33 ᠲᠦᠷᠦᠯ ᠵᠦᠢᠯ ᠢ ᠰᠢᠨ᠎ᠡ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 398.5 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠢᠶᠠᠷ ᠳᠡᠭᠡᠭᠰᠢᠯᠡᠬᠦ᠂ ᠬᠦᠴᠦᠨ ᠢᠶᠠᠨ ᠬᠤᠷᠠᠮᠳᠤᠭᠤᠯᠤᠨ ᠬᠥᠭᠵᠢᠬᠦ ᠰᠠᠶᠢᠨ ᠰᠠᠶᠢᠬᠠᠨ ᠪᠠᠶᠢᠳᠠᠯ ᠢᠯᠡᠷᠡᠵᠡᠢ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1