ᠲᠤᠭᠳᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠰᠡᠳᠬᠢᠴᠡ ᠶᠢᠨ ᠡᠷᠡᠭᠦᠯ ᠮᠡᠨᠳᠦ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/3
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 11 ᠳ᠋ᠤᠭᠡᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠨᠡᠶᠢᠭᠡᠮ ᠲᠣᠭᠤᠷᠢᠭ ᠤᠨ ︽ᠶᠡᠭᠡ ᠨᠠᠮ ᠤᠨ ᠬᠤᠷᠢᠶ᠎ᠠ︾ ᠶᠢᠨ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ︽ᠬᠤᠣᠰ ᠮᠡᠳᠡᠭᠡᠯᠡᠯ︾ ᠲᠠᠢ ᠬᠤᠯᠪᠤᠭᠠᠯᠠᠨ ᠵᠥᠩ ᠲᠠᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠵᠤ᠂ ︽ᠰᠡᠳᠬᠢᠴᠡ ᠶᠢᠨ ᠡᠷᠡᠭᠦᠯ ᠮᠡᠨᠳᠦ ᠪᠠᠷ ᠨᠡᠶᠢᠭᠡᠮ ᠲᠣᠭᠤᠷᠢᠭ ᠤᠨ ᠣᠯᠠᠨ ᠲᠦᠮᠡᠨ ᠳᠤ  ᠦᠢᠡᠯᠴᠢᠯᠡᠶ᠎ᠡ︾ ᠭᠡᠳᠡᠭ ᠢᠶᠠᠷ ᠭᠤᠣᠯ ᠰᠡᠳᠦᠪ ᠪᠣᠯᠭᠠᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠬᠢᠵᠦ ᠰᠤᠷᠭᠠᠨ ᠬᠥᠮᠦᠵᠢᠯ ᠢ ᠬᠦᠷᠭᠡᠬᠦ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠲᠠᠶᠢᠯᠤᠮᠵᠢ ᠳᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠭᠴᠢ ᠸᠠᠩ ᠰᠢᠶᠦᠶᠢᠩ ᠹᠧᠢ ︽ᠰᠡᠳᠬᠢᠴᠡ ᠶᠢᠨ ᠡᠷᠡᠭᠦᠯ ᠮᠡᠨᠳᠦ ︱ ᠬᠥᠮᠥᠨ ᠤ ᠠᠮᠢᠳᠤᠷᠠᠯ ᠤᠨ ᠵᠣᠯ ᠵᠢᠷᠭᠠᠯ ᠤᠨ ᠰᠠᠭᠤᠷᠢ︾ ᠭᠡᠬᠦ ᠰᠡᠳᠦᠪ ᠢᠶᠠᠷ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠢ ᠰᠡᠳᠦᠪᠲᠦ ᠵᠢᠯᠣᠭᠤᠳᠤᠯᠭ᠎ᠠ ᠬᠢᠵᠡᠢ᠃ ᠭᠤᠣᠯᠳᠠᠭᠤ ᠡᠷᠡᠭᠦᠯ ᠮᠡᠨᠳᠦ ᠶᠢᠨ ᠲᠣᠮᠢᠶᠠᠯᠠᠯ᠂ ᠡᠷᠡᠭᠦᠯ ᠮᠡᠨᠳᠦ ᠶᠢᠨ ᠲᠥᠷᠥᠯ ᠵᠦᠢᠯ ᠤᠨ ᠲᠣᠭᠤᠷᠢᠨ ᠳᠤ᠂ ᠰᠡᠳᠬᠢᠴᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠠᠭᠤᠯᠭ᠎ᠠ ᠳᠤ ᠴᠢᠭᠯᠡᠭᠦᠯᠦᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠠᠮᠢᠳᠤᠷᠠᠯ ᠤᠨ ᠳᠤᠮᠳᠠ ᠪᠤᠶᠤ ᠠᠵᠢᠯ ᠤᠨ ᠳᠤᠮᠳᠠ ᠣᠷᠣᠰᠢᠵᠤ ᠪᠠᠶᠢᠭ᠎ᠠ ᠥᠪᠡᠷ ᠤᠨ ᠰᠡᠳᠬᠢᠴᠡ ᠶᠢᠨ ᠲᠠᠨᠢᠯᠲᠠ ᠲᠠᠢ ᠤᠶᠠᠯᠳᠤᠭᠤᠯᠤᠨ᠂ ᠵᠣᠯ ᠵᠢᠷᠭᠠᠯᠲᠤ ᠠᠮᠢᠳᠤᠷᠠᠯ ᠢ ᠴᠣᠭᠴᠠᠯᠠᠨ ᠪᠠᠶᠢᠭᠤᠯᠬᠤ ᠰᠡᠳᠬᠢᠬᠦᠢ ᠶᠢᠨ ᠠᠷᠭ᠎ᠠ ᠮᠠᠶ᠋ᠢᠭ ᠵᠢᠴᠢ ᠲᠤᠰᠠᠯᠠᠬᠤ ᠠᠷᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠬᠤ ᠶᠢᠨ ᠬᠠᠮᠲᠤ ᠦᠭᠡ ᠬᠡᠯᠡ ᠪᠠᠷ ᠬᠥᠲᠥᠯᠥᠨ ᠵᠢᠯᠤᠭᠤᠳᠬᠤ᠂ ᠪᠣᠳᠠᠲᠤ ᠵᠢᠱᠢᠶ᠎ᠡ ᠪᠠᠷ ᠬᠠᠷᠢᠴᠠᠭᠤᠯᠬᠤ ᠪᠠᠷ ᠳᠠᠮᠵᠢᠭᠤᠯᠤᠨ᠂ ᠲᠠᠨᠢᠨ ᠮᠡᠳᠡᠬᠦᠢ ᠶᠢᠨ ᠲᠠᠯ᠎ᠠ ᠠᠴᠠ ᠥᠷᠭᠡᠨ ᠣᠯᠠᠨ ᠲᠦᠮᠡᠨ ᠤ ᠠᠮᠢᠳᠤᠷᠠᠯ ᠤᠨ ᠲᠤᠬᠠᠢ ᠣᠪᠣᠷ ᠪᠠ ᠪᠤᠳᠤᠯ ᠢ ᠢᠳᠡᠪᠬᠢᠲᠡᠢ ᠬᠥᠲᠥᠯᠥᠨ ᠵᠢᠯᠣᠭᠤᠳᠪᠠ᠃ ᠲᠠᠶᠢᠯᠤᠮᠵᠢ ᠳᠤ᠂ ᠭᠦᠨᠵᠡᠭᠡᠢ ᠪᠥᠭᠡᠳ ᠣᠶᠢᠯᠠᠭᠠᠮᠵᠢᠲᠠᠢ ᠶᠣᠰᠣ ᠤᠴᠢᠷ᠂ ᠠᠮᠢᠳᠤᠷᠠᠯ ᠳᠤ ᠣᠶᠢᠷᠠᠲᠤᠭᠰᠠᠨ ᠵᠢᠱᠢᠶ᠎ᠡ᠂ ᠨᠡᠶᠢᠳᠡᠮ ᠣᠷᠣᠰᠢᠵᠤ ᠪᠠᠶᠢᠭ᠎ᠠ ᠠᠰᠠᠭᠤᠳᠠᠯ ᠨᠢ ᠪᠣᠯᠪᠠᠰᠤᠷᠠᠯ ᠳᠤ ᠣᠷᠣᠯᠴᠠᠭᠰᠠᠨ ᠤᠯᠠᠨ ᠲᠦᠮᠡᠨ ᠤ ᠬᠠᠮᠲᠤ ᠶᠢᠨ ᠬᠦᠷᠢᠶᠡᠯᠡᠯ ᠢ ᠣᠯᠵᠤ᠂ ᠤᠯᠠᠨ ᠢᠶᠠᠷ ᠢᠶᠠᠨ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠢᠳᠡᠪᠬᠢᠲᠡᠢ ᠪᠠᠷ ᠶᠠᠷᠢᠯᠴᠠᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠦᠷ ᠬᠥᠭᠵᠢᠶᠡᠨ ᠲᠠᠢ ᠪᠣᠯᠪᠠ᠃
     ᠲᠣᠰ ᠤᠳᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠶᠢ ᠰᠤᠷᠭᠠᠨ ᠬᠥᠮᠦᠵᠢᠯ ᠳᠤ ᠬᠦᠷᠭᠡᠬᠦ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠣᠯᠠᠨ ᠲᠦᠮᠡᠨ ᠪᠣᠯᠣᠨ ᠠᠷᠠᠳ ᠤᠨ ᠴᠠᠭᠳᠠᠭ᠎ᠠ ᠪᠣᠯᠣᠨ ᠨᠡᠶᠢᠭᠡᠮ ᠲᠣᠭᠤᠷᠢᠭ ᠤᠨ ᠠᠵᠢᠯᠲᠠᠨ ᠤ ᠬᠤᠭᠤᠷᠣᠨᠳᠣᠬᠢ ᠵᠠᠢ ᠶᠢ ᠣᠶᠢᠷᠠᠲᠤᠭᠤᠯᠵᠠᠢ᠃ ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠦᠬᠦ ᠲᠠᠯ᠎ᠠ ᠪᠠᠷ ᠠᠬᠢᠭᠤᠯᠵᠤ ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠦᠢᠯᠡᠴᠢᠯᠡᠭᠡ ᠶᠢ ᠬᠥᠲᠥᠯᠥᠨ ᠳᠠᠭᠠᠭᠤᠯᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦ ᠨᠡᠮᠡᠷᠢᠯᠡᠨ᠎ᠡ᠃ ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠲᠤᠭᠳᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1