ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ | ᠲᠤᠤᠱᠯᠠᠭᠤᠯᠤᠨ ᠨᠠᠶᠢᠳᠠᠪᠦᠷᠢᠵᠢᠭᠤᠯᠵᠦ᠂ ᠭᠤᠣᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ | ᠠᠬᠢᠭᠤᠯᠬᠤ ᠶᠢᠨ ᠲᠦᠯᠦᠭᠡ᠂ 11 ᠳ᠋ᠤᠭᠡᠷ ᠰᠠᠷ᠎ᠠ ᠶᠢᠨ 27 ᠤ ᠦᠳᠡ ᠶᠢᠨ ᠡᠮᠦᠨ᠎ᠡ᠂ ᠦᠱᠧᠨ ᠪᠠᠯᠭᠠᠰᠤᠨ ᠤ | ᠪᠠᠶᠢᠭᠤᠯᠤᠯᠭ᠎ᠠ ᠶᠢᠨ ᠨᠠᠮ ᠤᠨ ᠡᠭᠦᠷ ᠲᠣᠭᠲᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠱᠧᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ | ᠦᠱᠧᠨ ᠲᠣᠰᠬᠤᠨ ᠤ ᠨᠠᠮ ᠤᠨ ᠡᠭᠦᠷ ᠲᠠᠢ ᠭᠠᠷ ᠬᠤᠯᠪᠣᠨ ᠦᠱᠧᠨ ᠲᠣᠰᠬᠤᠨ ᠤ ᠰᠣᠶᠣᠯ ᠤᠨ ᠲᠠᠯᠠᠪᠠᠢ ᠳᠤ ︽ | ᠬᠥᠮᠥᠨ ᠪᠦᠬᠦᠨ ᠠᠮᠤᠷ ᠲᠦᠪᠰᠢᠨ ᠢ ᠠᠩᠬᠠᠷᠴᠤ᠂ ᠠᠶᠢᠯ ᠪᠣᠯᠭᠠᠨ ᠠᠮᠤᠷ ᠵᠢᠮᠤᠷ ᠠᠵᠤ ᠲᠦᠷᠦᠭᠦ︾ ᠰᠠᠶᠢᠨ | ᠳᠤᠷ᠎ᠠ ᠶᠢᠨ ᠦᠢᠯᠡᠴᠢᠯᠡᠭᠡᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠡᠢ᠃ | ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ᠂ ᠪᠠᠯᠭᠠᠰᠤᠨ ᠤ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ᠂ ᠪᠠᠯᠭᠠᠰᠤ ᠲᠣᠰᠬᠤᠨ ᠤ ᠨᠠᠮ ᠤᠨ ᠭᠡᠰᠢᠭᠦᠨ ᠺᠠᠳ᠋ᠷ᠂ | ᠲᠣᠰᠬᠤᠨ ᠤ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠵᠡᠷᠭᠡ 90 ᠭᠠᠷᠤᠢ ᠬᠥᠮᠥᠨ ᠲᠣᠰ ᠠᠵᠢᠯᠯᠠᠭ᠎ᠠ ᠳᠤ | ᠣᠷᠣᠯᠴᠠᠵᠠᠢ᠃ | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠨᠢᠭᠡᠴᠡ ᠶᠢᠨ ᠬᠢᠨ ᠯᠠᠪᠯᠠᠯᠭ᠎ᠠ ᠶᠢᠨ ᠲᠠᠪᠴᠠᠩ ᠭᠠᠷᠭᠠᠬᠤ | ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠬᠢᠬᠦ᠂ ᠪᠠᠭᠠᠵᠢ ᠬᠡᠷᠡᠭᠰᠡᠯ ᠢ | ᠳᠡᠯᠭᠡᠨ ᠦᠵᠡᠭᠦᠯᠬᠦ᠂ ᠤᠯᠠᠨ ᠲᠦᠮᠡᠨ ᠤ ᠯᠠᠪᠯᠠᠯᠭ᠎ᠠ ᠶᠢ ᠬᠠᠷᠢᠭᠤᠯᠬᠤ᠂ ᠤᠬᠠᠭᠤᠯᠭ᠎ᠠ ᠶᠢᠨ ᠭᠠᠷ ᠳᠡᠪᠲᠡᠷ ᠪᠣᠯᠣᠨ | ᠤᠬᠠᠭᠤᠯᠭ᠎ᠠ ᠶᠢᠨ ᠬᠡᠷᠡᠭᠰᠡᠯ ᠢ ᠲᠠᠷᠬᠠᠭᠠᠬᠤ᠂ ᠲᠠᠭᠤ ᠰᠢᠩᠭᠡᠭᠡᠯᠲᠡ ᠨᠡᠪᠲᠡᠷᠡᠭᠦᠯᠬᠦ ᠵᠡᠷᠭᠡ ᠤᠯᠠᠨ ᠵᠦᠢᠯ ᠤᠨ ᠠᠷᠭ᠎ᠠ | ᠬᠡᠯᠪᠡᠷᠢ ᠪᠠᠷ ᠳᠠᠮᠵᠢᠨ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠠᠮᠤᠷ ᠲᠦᠪᠰᠢᠨ ᠤ ᠶᠡᠷᠦ ᠶᠢᠨ ᠮᠡᠳᠡᠯᠭᠡ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠵᠢᠭᠤ ᠨᠣᠮᠯᠠᠯ ᠢ ᠡᠰᠡᠷᠭᠦᠴᠡᠬᠦ ᠵᠡᠷᠭᠡ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢ ᠲᠦᠭᠡᠮᠡᠯᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠭᠦᠨ | ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠵᠥᠪᠯᠡᠯᠭᠡ ᠥᠭᠬᠦ ᠲᠠᠶᠢᠰᠠᠨ ᠠᠴᠠ ᠡᠮᠦᠨᠡᠬᠢ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠤᠨ ᠬᠦᠯᠢᠴᠡᠩᠭᠦᠢ ᠪᠠᠷ ᠲᠠᠶᠢᠯᠪᠤᠷᠢᠯᠠᠬᠤ ᠪᠠᠷ ᠳᠠᠮᠵᠢᠭᠤᠯᠤᠨ᠂ ᠤᠯᠠᠨ ᠲᠦᠮᠡᠨ ᠳᠤ ᠠᠮᠤᠷ | ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠯ ᠬᠡᠷᠡᠭᠯᠡᠬᠦ᠂ ᠬᠡᠢ | ᠬᠡᠷᠡᠭᠯᠡᠬᠦ᠂ ᠨᠡᠭᠦᠷᠡᠰᠦ ᠬᠡᠷᠡᠭᠯᠡᠬᠦ᠂ ᠲᠣᠰᠣ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ ᠠᠶᠤᠯ ᠲᠦᠭᠰᠢᠭᠦᠷᠢ ᠶᠢ | ᠤᠷᠢᠳᠴᠢᠯᠠᠨ ᠰᠡᠷᠭᠡᠶᠢᠯᠡᠬᠦ ᠶᠢ ᠰᠠᠨᠠᠭᠤᠯᠬᠤ ᠶᠢᠨ ᠬᠠᠮᠲᠤ ᠰᠤᠷᠭᠠᠨ ᠬᠦᠮᠦᠵᠢᠯ ᠬᠦᠷᠳᠡᠭᠡᠪᠡ᠃ ᠰᠢᠶᠠᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠤᠬᠠᠭᠤᠯᠭ᠎ᠠ ᠶᠢᠨ ᠳᠡᠪᠲᠡᠷ ᠤᠨ | ᠠᠭᠤᠯᠭ᠎ᠠ ᠲᠠᠢ ᠤᠶᠠᠯᠳᠤᠭᠤᠯᠤᠨ᠂ ᠣᠯᠠᠨ ᠲᠦᠮᠡᠨ ᠳᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠰᠢᠭᠤᠳ | ᠪᠥᠭᠡᠳ ᠠᠮᠢᠳᠤᠯᠢᠭ ᠢᠶᠠᠷ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠡᠷ | ᠪᠦᠯᠢ ᠶᠢᠨ ᠢᠳᠡᠭᠡᠨ ᠤ ᠠᠮᠤᠷ ᠲᠦᠪᠰᠢᠨ ᠤ ︽ᠰᠠᠬᠢᠨ ᠬᠠᠮᠠᠭᠠᠯᠠᠭᠴᠢ︾᠂ ᠨᠡᠶᠢᠭᠡᠮ ᠤᠨ ᠢᠳᠡᠭᠡᠨ ᠤ ︽ᠬᠢᠨᠠᠯᠲᠠ | ᠲᠠᠯᠪᠢᠭᠴᠢ︾ ᠪᠤᠯᠭᠠᠨ᠎ᠠ᠃ | | | | | | | | ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ ᠰᠢᠶᠠᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ᠂ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠠᠵᠢᠯᠲᠠᠨ᠂ ᠪᠠᠯᠭᠠᠰᠤ ᠲᠣᠰᠬᠤᠨ ᠤ 40 ᠭᠠᠷᠤᠢ ᠨᠠᠮ ᠤᠨ ᠭᠡᠰᠢᠭᠦᠨ ᠤᠷᠢᠳᠴᠢᠯᠠᠨ ᠲᠣᠬᠢᠷᠠᠭᠤᠯᠤᠭᠰᠠᠨ ᠶᠣᠰᠣᠭᠠᠷ | ᠤᠯᠠᠨ ᠳᠤᠭᠤᠶᠢᠯᠠᠩ ᠬᠤᠪᠢᠶᠠᠵᠤ᠂ ᠵᠡᠭᠡᠯᠢ ᠳᠠᠭᠠᠤ ᠶᠢᠨ ᠳᠡᠯᠭᠡᠭᠦᠷ᠂ ᠵᠣᠴᠢᠳ ᠤᠨ ᠪᠠᠭᠤᠳᠠᠯ᠂ ᠬᠡᠳᠦ ᠳᠡᠯᠭᠡᠭᠦᠷ | ᠵᠡᠷᠭᠡ ᠬᠥᠮᠥᠨ ᠤᠯᠠᠨ ᠴᠤᠭᠯᠠᠷᠠᠳᠠᠭ ᠲᠠᠯᠠᠪᠤᠷ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠲᠠᠯᠳᠠ ᠭᠡᠮ ᠢ | ᠶᠡᠭᠡ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ ᠡᠵᠡᠩᠨᠡᠭᠴᠢ ᠪᠠ ᠤᠯᠠᠨ ᠲᠦᠮᠡᠨ ᠳᠤ ᠠᠶᠤᠯᠭᠦᠢ ᠶᠢᠨ ᠮᠡᠳᠡᠯᠭᠡ ᠶᠢ | ᠲᠦᠭᠡᠮᠡᠯᠵᠢᠭᠦᠯᠪᠡ︔ ᠵᠢᠵᠢᠭ ᠬᠤᠳᠠᠯᠳᠤᠭᠠᠨ ᠤ ᠭᠠᠵᠠᠷ᠂ ᠪᠠᠷᠠᠭᠠᠨ ᠤ ᠭᠦᠢᠯᠭᠡᠭᠡᠨ ᠤ ᠬᠤᠪᠢᠶᠠᠨ ᠲᠡᠭᠦᠬᠦ ᠭᠠᠵᠠᠷ | ᠵᠡᠷᠭᠡ ᠡᠳ᠋ ᠪᠣᠳᠠᠰ ᠬᠠᠳᠠᠭᠠᠯᠠᠬᠤ ᠲᠠᠯᠠᠪᠤᠷ ᠲᠤ ᠴᠢᠭᠯᠡᠭᠦᠯᠦᠨ᠂ ᠡᠳ᠋ ᠪᠠᠷᠠᠭ᠎ᠠ ᠶᠢ ᠬᠡᠷᠬᠢᠨ ᠵᠥᠪ ᠣᠨᠣᠪᠴᠢᠲᠠᠶ | ᠬᠠᠳᠠᠭᠠᠯᠠᠬᠤ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠵᠡᠷᠭᠡ ᠠᠮᠤᠷ ᠲᠦᠪᠰᠢᠨ ᠤ ᠠᠳᠡᠯ ᠬᠡᠷᠡᠭ ᠤᠨ ᠲᠤᠬᠠᠢ | ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠨ᠎ᠡ︔ ᠬᠤᠳᠠᠯᠳᠤᠭᠠᠨ ᠤ ᠡᠷᠦᠬᠡ ᠶᠢ ᠢᠳᠡᠪᠬᠢᠲᠡᠢ ᠪᠠᠷ ᠬᠥᠲᠥᠯᠥᠨ | ᠵᠢᠯᠤᠭᠤᠳᠴᠤ ᠪᠠᠶᠢᠭᠠᠳ ᠳᠡᠯᠭᠡᠭᠡ ᠮᠠᠶᠢᠮᠠᠢ ᠶᠢᠨ ᠣᠷᠣ ᠶᠢ ᠵᠦᠢ ᠵᠣᠬᠢᠰᠲᠠᠢ ᠲᠠᠯᠪᠢᠵᠤ᠂ ᠴᠡᠪᠡᠷ ᠲᠡᠭᠰᠢ ᠪᠠᠶᠢᠬᠤ ᠶᠢ | ᠪᠠᠲᠤᠯᠠᠨ᠂ ᠠᠮᠤᠷ ᠲᠦᠪᠰᠢᠨ ᠤ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠭᠠᠴᠠᠭᠠᠨ ᠤ ᠠᠷᠠᠳ ᠢ | ᠬᠥᠲᠥᠯᠥᠨ ᠵᠢᠯᠤᠭᠤᠳᠴᠤ ᠪᠠᠶᠢᠭᠠᠳ ᠵᠡᠭᠡᠯᠢ ᠳᠠᠭᠠᠤ ᠪᠠᠷᠠᠭ᠎ᠠ ᠬᠤᠳᠠᠯᠳᠤᠨ ᠠᠪᠤᠭᠤᠯᠬᠤ ᠳᠠᠭᠠᠨ ᠵᠠᠮ | ᠬᠠᠷᠢᠯᠴᠠᠭᠠᠨ ᠤ ᠲᠦᠭᠵᠢᠷᠡᠯ ᠠᠴᠠ ᠵᠠᠶᠢᠯᠠᠭᠤᠯᠵᠤ᠂ ᠵᠠᠮ ᠬᠠᠷᠢᠯᠴᠠᠭᠠᠨ ᠤ ᠡ᠊ᠨᠳᠡᠯ ᠠᠴᠠ ᠵᠠᠶᠢᠯᠠᠭᠤᠯᠤᠨ᠎ᠠ᠃ | | | | | ᠲᠣᠰ ᠤᠳᠠᠭᠠᠨ ᠤ ᠠᠵᠢᠯᠯᠠᠭ᠎ᠠ ᠳᠤ ᠡᠯ᠎ᠡ ᠲᠥᠷᠥᠯ ᠤᠨ ᠤᠬᠠᠭᠤᠯᠭ᠎ᠠ ᠶᠢᠨ ᠰᠠᠮᠪᠠᠷ᠎ᠠ ᠶᠢ ᠨᠡᠶᠢᠲᠡ 12 | ᠲᠠᠯᠪᠢᠵᠤ᠂ ᠤᠬᠠᠭᠤᠯᠭ᠎ᠠ ᠶᠢᠨ ᠭᠠᠷ ᠳᠡᠪᠲᠡᠷ᠂ ᠤᠬᠠᠭᠤᠯᠭ᠎ᠠ ᠶᠢᠨ ᠬᠡᠷᠡᠭᠰᠡᠯ ᠵᠡᠷᠭᠡ ᠤᠬᠠᠭᠤᠯᠭ᠎ᠠ ᠶᠢᠨ | ᠮᠠᠲ᠋ᠧᠷᠢᠶᠠᠯ ᠢ 800 ᠭᠠᠷᠤᠢ ᠬᠤᠪᠢ ᠲᠠᠷᠬᠠᠭᠠᠵᠤ᠂ ᠣᠯᠠᠨ ᠲᠦᠮᠡᠨ ᠤ ᠯᠠᠪᠯᠠᠯᠲᠠ ᠶᠢ 300 ᠭᠠᠷᠤᠢ ᠬᠥᠮᠥᠨ | ᠤᠳᠠᠭ᠎ᠠ ᠭᠥᠯᠢᠶᠡᠨ ᠠᠪᠴᠤ᠂ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠪᠥᠬᠦ ᠪᠠᠯᠭᠠᠰᠤᠨ ᠤ ᠠᠮᠤᠷ ᠲᠦᠪᠰᠢᠨ ᠤ | ᠤᠬᠠᠭᠤᠯᠭ᠎ᠠ ᠶᠢ ᠲᠦᠯᠬᠢᠨ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ᠂ ᠬᠠᠷᠢᠶᠠᠲᠤ ᠣᠷᠣᠨ ᠤ ᠠᠮᠤᠷ | ᠲᠣᠭᠲᠠᠭᠤᠨ ᠪᠠᠶᠢᠳᠠᠯ ᠢ ᠠᠬᠢᠭᠤᠯᠬᠤ ᠬᠥᠲᠥᠯᠥᠨ ᠳᠠᠭᠠᠭᠤᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ᠃ | ᠵᠠᠯᠭᠠᠭᠠᠳ᠂ ᠦᠱᠧᠨ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠦᠷᠭᠦᠯᠵᠢᠯᠡᠨ ︽ᠦᠵᠡᠯ | ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠰᠢᠵᠦ᠂ ︽ᠪᠣᠳᠠᠲᠠᠢ ᠪᠠᠷ︾ ᠦᠨᠳᠦᠰᠦᠨ ᠵᠦᠢᠯ ᠢ | ᠪᠠᠲᠤᠯᠠᠬᠤ ᠶᠢ ᠳᠣᠪᠤᠶᠢᠯᠭᠠᠵᠤ᠂ ︽ᠬᠢᠬᠦ︾ ᠪᠠᠷ ᠬᠦᠴᠦᠯᠡᠬᠦ ᠶᠢ ᠴᠢᠩᠭᠠᠳᠬᠠᠵᠤ᠂ ᠪᠦᠬᠦ ᠪᠠᠯᠭᠠᠰᠤᠨ ᠤ ᠨᠠᠮ ᠤᠨ | ᠭᠡᠰᠢᠭᠦᠨ ᠺᠠᠳ᠋ᠷᠴᠤᠳ ᠢ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠳᠡᠷᠭᠡᠳᠡᠬᠢ ᠤᠯᠠᠨ ᠲᠦᠮᠡᠨ ᠳᠤ | ᠦᠢᠯᠡᠴᠢᠯᠡᠬᠦ ᠳᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ︽ | ᠵᠠᠩᠭᠢᠯᠠᠭ᠎ᠠ ᠶᠢᠨ ᠪᠠᠭ᠎ᠠ ᠶᠠᠪᠤᠳᠠᠯ︾ ᠠᠴᠠ ᠭᠠᠷᠳᠠᠵᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠨᠠᠷᠢᠨ | ᠲᠠᠩᠰᠠ ᠶᠢ ᠴᠠᠭ ᠲᠤᠬᠠᠢ ᠳᠤᠨᠢ ᠰᠢᠨᠡᠴᠢᠯᠡᠬᠦ ᠶᠢᠨ ᠬᠠᠮᠲᠤ ᠪᠠᠶᠢᠭᠤᠯᠤᠯᠭ᠎ᠠ ᠶᠢᠨ ᠨᠠᠮ ᠤᠨ ᠡᠭᠦᠷ ᠤᠨ ︽ᠭᠤᠣᠯ | ᠰᠡᠳᠦᠪᠲᠦ ᠨᠠᠮ ᠤᠨ ᠡᠳᠦᠷ + ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠦᠢᠯᠡᠴᠢᠯᠡᠭᠡ︾ ᠶᠢᠨ | ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠵᠣᠬᠢᠶᠠᠨ ᠪᠠᠶᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠬᠦ ᠡᠯ᠎ᠡ ᠵᠦᠢᠯ ᠤᠨ ᠠᠵᠢᠯ ᠢ | ᠤᠯᠠᠨ ᠲᠦᠮᠡᠨ ᠤ ᠰᠡᠳᠬᠢᠯ ᠳᠤ ᠨᠡᠶᠢᠴᠡᠭᠦᠯᠬᠦ ᠪᠠᠷ ᠴᠢᠷᠮᠠᠶᠢᠵᠤ᠂ ᠭᠤᠣᠯ ᠰᠡᠳᠦᠪᠲᠦ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ | ᠪᠠᠲᠤᠲᠠᠢ ᠠᠬᠢᠭᠤᠯᠬᠤ ᠪᠤᠯᠤᠨ᠎ᠠ᠃ | ᠢᠷᠡᠯᠳᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠥᠪ | |